ᠮᠠᠨ ᠤ ᠬᠤᠲᠠ ᠭᠡᠷ ᠪᠠᠶᠢᠰᠢᠩ ᠤᠨ ᠲᠣᠭᠤᠷᠢᠭ ᠵᠢᠴᠢ ᠡᠪᠳᠡᠷᠬᠡᠢ ᠬᠠᠭᠤᠴᠢᠨ ᠰᠠᠭᠤᠭᠠᠯᠢ ᠲᠣᠭᠤᠷᠢᠭ ᠤᠨ ᠦᠭᠡᠷᠴᠢᠯᠡᠯᠲᠡ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2018-11-23
     ᠣᠶᠢᠷ᠎ᠠ ᠶᠢᠨ ᠵᠢᠯ ᠤᠨ ᠲᠣᠷᠰᠢ᠂ ᠮᠠᠨ ᠤ ᠬᠤᠲᠠ ᠭᠡᠷ  ᠪᠠᠶᠢᠰᠢᠩ ᠤᠨ ᠲᠣᠭᠤᠷᠢᠭ ᠵᠢᠴᠢ ᠡᠪᠳᠡᠷᠬᠡᠢ ᠬᠠᠭᠤᠴᠢᠨ ᠰᠠᠭᠤᠭᠠᠯᠢ ᠲᠣᠭᠤᠷᠢᠭ ᠤᠨ ᠦᠭᠡᠷᠴᠢᠯᠡᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠨᠦ ᠵᠢᠯ  ᠤᠨ 9 ᠳ᠋ᠣᠭᠡᠷ ᠰᠠᠷ᠎ᠠ ᠠᠴᠠ ᠡᠬᠢᠯᠡᠨ᠂ ᠬᠠᠶᠢᠷᠣᠪ ᠤᠨ ᠲᠣᠬᠤᠢ ᠲᠣᠭᠤᠷᠢᠭ ᠭᠡᠷ ᠪᠠᠶᠢᠰᠢᠩ ᠤᠨ ᠦᠭᠡᠷᠴᠢᠯᠡᠯᠲᠡ  ᠶᠢᠨ ᠢᠨᠵᠧᠨᠧᠷᠢᠩ ᠢ ᠡᠬᠢᠯᠡᠭᠦᠯᠦᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠵᠡᠭᠦᠨ ᠵᠡᠭᠡᠯᠢ᠂   ᠬᠤᠶᠢᠨ᠎ᠠ ᠨᠢᠭᠡᠳᠦᠭᠡᠷ ᠵᠡᠭᠡᠯᠢ ᠬᠤᠶᠠᠷ ᠵᠡᠭᠡᠯᠢ ᠶᠢ ᠬᠦᠷᠢᠶᠡᠯᠡᠭᠰᠡᠨ ᠳᠣᠯᠠᠭᠠᠨ ᠬᠠᠩᠭᠠᠬᠤ ᠨᠢᠭᠡᠳᠦᠭᠡᠷ ᠲᠡᠰ ᠤᠨ ᠭᠤᠣᠯ ᠬᠤᠭᠤᠯᠠᠢ ᠲᠣᠣᠷ ᠪᠠ  ᠵᠡᠭᠡᠯᠢ ᠭᠤᠳᠣᠮᠵᠢ ᠶᠢᠨ ᠬᠤᠭᠤᠯᠠᠢ ᠲᠣᠣᠷ ᠢ ᠨᠢᠭᠡᠨᠲᠡ ᠳᠡᠪᠢᠰᠴᠦ ᠳᠠᠭᠤᠰᠬᠠᠵᠦ᠂ ᠲᠣᠰ ᠰᠠᠷ᠎ᠠ ᠶᠢᠨ ᠡᠴᠦᠰ  ᠲᠤ ᠶᠡᠷᠦᠩᠭᠡᠢ ᠳᠤᠨᠢ ᠳᠠᠭᠤᠰᠬᠠᠬᠤ ᠪᠠᠷ ᠲᠦᠯᠦᠪᠯᠡᠵᠦ ᠪᠤᠢ᠃      ᠡᠭᠦᠨ ᠠᠴᠠ ᠬᠤᠶᠢᠰᠢ᠂ ᠮᠠᠨ ᠤ ᠬᠤᠲᠠ ᠦᠷᠭᠦᠯᠵᠢᠯᠡᠨ ᠡᠪᠳᠡᠷᠬᠡᠢ ᠬᠠᠭᠤᠴᠢᠨ ᠰᠠᠭᠤᠭᠠᠯᠢ ᠲᠣᠭᠤᠷᠢᠭ ᠤᠨ ᠦᠨᠳᠦᠰᠦᠨ ᠲᠤᠨᠤᠭ ᠲᠦᠭᠦᠭᠡᠷᠦᠮᠵᠢ ᠶᠢᠨ ᠦᠭᠡᠷᠴᠢᠯᠡᠯᠲᠡ ᠶᠢᠨ ᠬᠦᠴᠦᠯᠡᠴᠡ ᠪᠠᠨ ᠨᠡᠮᠡᠭᠳᠡᠭᠦᠯᠬᠦ ᠶᠢᠨ ᠬᠠᠮᠲᠦ᠂ ︽ᠴᠡᠪᠡᠷᠰᠢᠭᠦᠯᠬᠦ᠂ ᠭᠡᠭᠡᠷᠡᠭᠦᠯᠬᠦ᠂ ᠨᠤᠭᠤᠭᠠᠷᠠᠭᠤᠯᠬᠤ᠂ ᠬᠠᠳᠠᠭᠤᠷᠠᠭᠤᠯᠬᠤ᠂ ᠭᠤᠶᠤᠵᠢᠭᠤᠯᠬᠤ︾ ᠲᠠᠪᠣᠨ ᠦᠭᠡᠷᠴᠢᠯᠡᠯᠲᠡ ᠶᠢᠨ ᠪᠠᠷᠢᠮᠵᠢᠶ᠎ᠠ ᠳᠤ ᠬᠦᠷᠬᠦ ᠵᠠᠷᠴᠢᠮ ᠶᠣᠰᠣᠭᠠᠷ᠂ ᠬᠤᠲᠠ ᠲᠤᠭᠤᠷᠢᠭ ᠬᠤᠶᠠᠷ ᠲᠡᠰ ᠤᠨ 392 ᠪᠠᠶᠢᠭᠤᠯᠭ᠎ᠠ ᠨᠢᠭᠡᠴᠡ ᠶᠢᠨ 570 ᠰᠠᠭᠤᠭᠠᠯᠢ ᠲᠤᠭᠤᠷᠢᠭ ᠲᠤ ᠭᠦᠨᠵᠡᠭᠡᠶᠢᠷᠡᠵᠦ ᠬᠤᠯᠪᠣᠭᠠᠯᠠᠨ ᠳᠠᠭᠠᠭᠠᠴᠢᠯᠠᠵᠦ ᠬᠠᠮᠲᠣᠪᠠᠷ ᠪᠦᠲᠦᠭᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠦ᠂ ᠣᠯᠠᠨ ᠲᠦᠮᠡᠨ ᠤ ᠬᠦᠷᠲᠡᠭᠡᠯ ᠤᠨ ᠮᠡᠳᠡᠷᠡᠮᠵᠢ ᠪᠠ ᠠᠵᠠ ᠵᠢᠷᠭᠠᠯ ᠤᠨ ᠮᠡᠳᠡᠷᠡᠮᠵᠢ ᠶᠢ ᠦᠷᠭᠦᠯᠵᠢᠯᠡᠨ ᠨᠡᠮᠡᠭᠳᠡᠭᠦᠯᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号