ᠮᠠᠨ ᠤ ᠬᠤᠲᠠ ᠵᠢᠭᠤᠯᠴᠢᠯᠠᠯ ᠤᠨ ᠠᠵᠤ ᠦᠢᠯᠡᠰ ᠤᠨ ᠪᠠᠯᠡ ᠤᠷᠤᠭᠤᠯᠤᠯᠲᠠ ᠶᠢᠨ ᠬᠦᠴᠦᠯᠡᠴᠡ ᠪᠠᠨ | ᠲᠠᠰᠤᠷᠤᠯᠲᠠ ᠦᠭᠡᠢ ᠨᠡᠮᠡᠭᠳᠡᠭᠦᠯᠵᠦ᠂ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠲᠤᠮᠦ ᠶᠡᠭᠡ ᠵᠢᠭᠤᠯᠴᠢᠯᠠᠯ ᠤᠨ ᠲᠦᠷᠦᠯ ᠵᠦᠢᠯ ᠤᠨ ᠲᠦᠯᠦᠪᠵᠢᠭᠦᠯᠭᠡ᠂ ᠵᠢᠭᠤᠯᠴᠢᠯᠠᠯ ᠤᠨ | ᠤᠬᠠᠭᠤᠯᠭ᠎ᠠ ᠪᠤᠷᠤᠯᠠᠭᠤᠯᠭ᠎ᠠ ᠪᠤᠯᠤᠨ ᠵᠢᠭᠤᠯᠴᠢᠯᠠᠯ ᠤᠨ ᠪᠠᠷᠠᠭ᠎ᠠ ᠲᠠᠸᠠᠷ ᠤᠨ ᠨᠡᠭᠡᠭᠡᠯᠲᠡ ᠶᠢ ᠭᠤᠤᠯᠳᠠᠯᠭᠠᠲᠠᠢ | ᠳᠡᠮᠵᠢᠵᠦ᠂ ᠵᠢᠭᠤᠯᠴᠢᠯᠠᠯ ᠤᠨ ᠦᠢᠯᠡᠰ ᠤᠨ ᠬᠡᠪᠴᠢᠶᠡᠵᠢᠯ ᠲᠤᠭᠲᠠᠭᠤᠨ ᠢᠶᠠᠷ ᠦᠷᠭᠡᠳᠴᠦ ᠪᠠᠶᠢᠨ᠎ᠠ᠃ | ᠪᠦᠷᠢᠳᠭᠡᠯ ᠢ ᠦᠨᠳᠦᠰᠦᠯᠡᠪᠡᠯ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ | ᠬᠤᠭᠤᠴᠠᠭᠠᠨ ᠳᠤ᠂ ᠪᠦᠬᠦ ᠬᠤᠲᠠ ᠶᠢᠨ ᠵᠢᠭᠤᠯᠴᠢᠯᠠᠯ ᠤᠨ ᠬᠦᠯᠢᠶᠡᠨ ᠠᠪᠤᠭᠰᠠᠨ ᠬᠦᠮᠦᠨ ᠤ ᠲᠤᠭ᠎ᠠ 832.5 | ᠲᠦᠮᠡᠨ ᠬᠦᠮᠦᠨ ᠤᠳᠠᠭ᠎ᠠ ᠳᠤ ᠬᠦᠷᠴᠦ᠂ ᠳᠤᠮᠳᠠᠴᠢ ᠪᠠᠷ ᠵᠢᠯ ᠪᠤᠯᠭᠠᠨ 15.3 % ᠪᠠᠷ ᠨᠡᠮᠡᠭᠳᠡᠵᠦ᠂ | ᠵᠢᠭᠤᠯᠴᠢᠯᠠᠯ ᠤᠨ ᠤᠷᠤᠯᠭ᠎ᠠ 116.6 ᠳ᠋ᠦᠩᠰᠢᠭᠤᠷ ᠲᠦᠭᠦᠷᠢᠭ ᠬᠦᠷᠴᠦ᠂ ᠳᠤᠮᠳᠠᠴᠢ ᠪᠠᠷ ᠵᠢᠯ ᠪᠤᠯᠭᠠᠨ 28.3 | % ᠢᠶᠠᠷ ᠦᠰᠴᠡᠢ᠃ ᠪᠦᠬᠦ ᠬᠤᠲᠠ ᠶᠢᠨ A ᠳᠡᠰ ᠤᠨ ᠦᠵᠡᠮᠵᠢ ᠶᠢᠨ ᠤᠷᠤᠨ ᠨᠡᠮᠡᠭᠳᠡᠭᠡᠳ 10 ᠪᠤᠯᠵᠤ᠂ ᠡᠭᠦᠨ | ᠳᠤ 4 A ᠳᠡᠰ ᠤᠨ ᠦᠵᠡᠮᠵᠢ ᠶᠢᠨ ᠤᠷᠤᠨ 1᠂ 3 A ᠳᠡᠰ ᠤᠨ ᠦᠵᠡᠮᠵᠢ ᠶᠢᠨ ᠤᠷᠤᠨ 3᠂ 2 A ᠳᠡᠰ ᠤᠨ | ᠦᠵᠡᠮᠵᠢ ᠶᠢᠨ ᠤᠷᠤᠨ 6 ᠪᠤᠯᠵᠠᠢ᠃ ᠵᠢᠯ ᠳᠤ 30 ᠭᠠᠷᠤᠢ ᠲᠦᠮᠡᠨ ᠬᠦᠮᠦᠨ ᠤᠳᠠᠭ᠎ᠠ ᠵᠢᠭᠤᠯᠴᠢᠳ ᠢ ᠬᠦᠯᠢᠶᠡᠨ | ᠠᠪᠴᠤ᠂ ᠵᠢᠭᠤᠯᠴᠢᠯᠠᠯ ᠤᠨ ᠦᠢᠯᠡᠰ ᠮᠠᠨ ᠤ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠰᠢᠨ᠎ᠡ | ᠨᠡᠮᠡᠭᠳᠡᠯ ᠴᠡᠭ ᠪᠤᠯᠤᠬᠰᠠᠨ ᠪᠠᠶᠢᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ᠂ ᠮᠠᠨ ᠤ ᠬᠤᠲᠠ | ᠭᠠᠵᠠᠷ ᠨᠤᠲᠤᠭ ᠪᠠᠭ᠎ᠠ᠂ ᠵᠠᠮ ᠬᠠᠷᠢᠯᠴᠠᠭ᠎ᠠ ᠳᠦᠭᠦᠮ᠂ ᠵᠢᠭᠤᠯᠴᠢᠯᠠᠯ ᠤᠨ ᠡᠬᠢ ᠪᠠᠶᠠᠯᠢᠭ ᠤᠯᠠᠨ ᠵᠡᠷᠭᠡ ᠳᠠᠪᠠᠭᠤᠯᠢᠭ | ᠲᠠᠯ᠎ᠠ ᠳᠠᠭᠠᠨ ᠲᠦᠰᠢᠭᠯᠡᠨ᠂ ︽ᠪᠦᠬᠦ ᠤᠷᠤᠨ ᠬᠡᠪᠴᠢᠶᠡᠨ ᠤ ᠵᠢᠭᠤᠯᠴᠢᠯᠠᠯ︾ ᠭᠡᠬᠦ ᠤᠶᠢᠯᠠᠭᠠᠭᠳᠠᠬᠤᠨ ᠢ ᠬᠤᠲᠠ | ᠶᠢᠨ ᠬᠦᠭᠵᠢᠯᠲᠡ ᠳᠤ ᠠᠭᠤᠰᠤᠯᠴᠠᠭᠤᠯᠵᠤ᠂ ︽ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠲᠦᠯᠦᠪᠵᠢᠭᠦᠯᠭᠡ︾ | ᠶᠢᠨ ᠱᠠᠭᠠᠷᠳᠠᠯᠭ᠎ᠠ ᠶᠤᠰᠤᠭᠠᠷ 2017 ᠤᠨ ᠠᠴᠠ 2020 ᠤᠨ ᠬᠦᠷᠲᠡᠯ᠎ᠡ᠂ ᠮᠠᠨ ᠤ ᠬᠤᠲᠠ 54 ᠪᠦᠬᠦ | ᠤᠷᠤᠨ ᠬᠡᠪᠴᠢᠶᠡᠨ ᠤ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠬᠤ ᠪᠠᠷ ᠪᠠᠶᠢᠨ᠎ᠠ᠃ | | | | |