ᠵᠢᠷᠮᠦᠰᠦᠯᠡᠬᠦ ᠠᠴᠠ ᠡᠮᠦᠨᠡᠬᠢ ᠢᠳᠡᠵᠤ ᠤᠤᠭᠤᠬᠤ ᠪᠠ ᠠᠮᠢᠳᠤᠷᠠᠯ ᠤᠨ ᠠᠷᠭ᠎ᠠ ᠬᠡᠯᠪᠡᠷᠢ ᠦᠷ᠎ᠡ ᠬᠡᠦᠭᠡᠳ  ᠤᠨ ᠡᠷᠡᠬᠦᠯ ᠮᠡᠨᠳᠦ ᠶᠢ ᠨᠦᠯᠦᠭᠡᠯᠡᠨ᠎ᠡ
ᠨᠡᠶᠢᠲᠡᠯᠡᠭᠰᠡᠨ ᠴᠠᠭ᠄
2018-12-10
     ᠰᠢᠨᠬᠤᠸᠠ ᠬᠤᠷᠢᠶᠠᠨ ᠤ ᠯᠤᠨᠳᠤᠨ ᠤ 4 ᠰᠠᠷ᠎ᠠ ᠶᠢᠨ 17 ᠤ ᠡᠳᠤᠷ ᠤᠨ ᠮᠡᠳᠡᠭᠡ ︵ᠰᠤᠷᠪᠤᠯᠵᠢᠯᠠᠬᠴᠢ ᠵᠠᠩ  ᠵᠢᠶᠠ ᠸᠧᠢ︶ ᠠᠩᠭ᠍ᠯᠢ ᠶᠢᠨ ᠯᠤᠨᠳᠤᠨ ᠶᠡᠭᠡ ᠰᠤᠷᠭᠠᠭᠤᠯᠢ ᠶᠢᠨ ᠲᠡᠭᠡᠳᠤ ᠰᠤᠷᠭᠠᠭᠤᠯᠢ ᠶᠢᠨ 17 ᠤ  ᠡᠳᠤᠷ ᠨᠡᠶᠢᠲᠡᠯᠡᠭᠰᠡᠨ ᠰᠢᠨᠡᠭᠡᠨ ᠰᠤᠳᠤᠯᠭᠠᠨ ᠳᠤ᠂ ᠵᠢᠷᠮᠦᠰᠦᠯᠡᠬᠦ ᠠᠴᠠ ᠡᠮᠦᠨᠡᠬᠢ ᠡᠷ᠎ᠡ ᠡᠮ᠎ᠡ ᠬᠤᠶᠠᠭᠤᠯᠠ ᠶᠢᠨ ᠢᠳᠡᠵᠤ ᠤᠤᠭᠤᠬᠤ ᠪᠠ ᠠᠮᠢᠳᠤᠷᠠᠯ ᠤᠨ ᠠᠷᠭ᠎ᠠ ᠬᠡᠯᠪᠡᠷᠢ ᠨᠢ ᠬᠡᠦᠭᠡᠳ ᠤᠨ ᠬᠢᠨᠢ ᠦᠰᠦᠯᠲᠡ᠂ ᠪᠤᠶᠢᠵᠢᠯᠲᠠ ᠪᠤᠯᠤᠨ ᠬᠤᠶᠢᠰᠢᠲᠠ ᠶᠢᠨ ᠡᠷᠡᠬᠦᠯ ᠮᠡᠨᠳᠤ ᠳᠤ ᠲᠤᠶᠢᠯ ᠤᠨ ᠶᠡᠭᠡ ᠨᠦᠯᠦᠭᠡ ᠪᠤᠯᠤᠨ᠎ᠠ ᠭᠡᠵᠠᠢ᠃      ᠲᠤᠰ ᠰᠤᠷᠭᠠᠭᠤᠯᠢ ᠶᠢᠨ ᠡᠷᠳᠡᠮᠳᠡᠨ ᠢᠶᠠᠷ ᠤᠳᠤᠷᠢᠳᠤᠭᠤᠯᠤᠭᠰᠠᠨ ᠤᠯᠠᠨ ᠤᠯᠤᠰ ᠤᠨ ᠰᠤᠳᠤᠯᠭᠠᠨ ᠤ ᠪᠦᠯᠬᠦᠮ ᠠᠩᠭ᠍ᠯᠢ ᠶᠢᠨ ︽ᠬᠠᠨᠠᠭᠤᠷ ᠬᠢᠳᠤᠭ᠎ᠠ︾ ᠰᠡᠳᠬᠦᠯ ᠲᠡᠭᠡᠷ᠎ᠡ 3 ᠰᠢᠷᠢᠰ ᠮᠡᠳᠡᠬᠦᠯᠦᠯᠲᠡ ᠨᠡᠶᠢᠲᠡᠯᠡᠵᠠᠢ᠃  ᠮᠡᠳᠡᠬᠦᠯᠦᠯᠲᠡ ᠳᠤ᠂ ᠲᠠᠮᠠᠬᠢ ᠤᠤᠭᠤᠬᠤ᠂ ᠦᠯᠡᠮᠵᠢ ᠬᠡᠮᠵᠢᠶᠡᠨ ᠤ ᠰᠫᠢᠷᠲ ᠪᠤᠯᠤᠨ ᠺᠤᠹᠸᠢᠢᠨ ᠡᠳ᠋ᠯᠡᠬᠦ᠂ ᠰᠢᠮ᠎ᠡ ᠲᠡᠵᠢᠭᠡᠯ ᠲᠤᠳᠠᠬᠤ᠂ ᠮᠠᠷᠢᠶᠠᠯᠠᠬᠤ᠂ ᠬᠤᠭᠤᠯᠠ ᠤᠮᠳᠠ ᠵᠡᠷᠭᠡ ᠬᠦᠴᠦᠨ ᠵᠦᠢᠯ ᠨᠢ ᠬᠡᠪᠡᠯᠢ ᠳᠠᠬᠢ ᠬᠡᠦᠭᠡᠳ ᠲᠤ ᠨᠦᠯᠦᠭᠡ ᠪᠤᠯᠬᠤ ᠪᠠᠷ ᠪᠠᠷᠠᠬᠤ ᠦᠭᠡᠢ᠂ ᠲᠦᠷᠦᠭᠰᠡᠨ ᠤ ᠬᠢᠨᠢ ᠬᠤᠶᠢᠨ᠎ᠠ ᠴᠦ ᠤᠷᠳᠤ ᠬᠤᠭᠤᠴᠠᠭ᠎ᠠ ᠪᠠᠷ ᠨᠦᠯᠦᠭᠡᠯᠡᠬᠦ ᠪᠤᠯᠤᠨ᠎ᠠ᠂ ᠵᠢᠱᠢᠶᠡᠯᠡᠪᠡᠯ ᠬᠡᠦᠭᠡᠳ ᠤᠨ ᠵᠢᠷᠦᠭᠡ ᠴᠢᠰᠦᠨ ᠰᠤᠳᠠᠯ ᠤᠨ ᠡᠪᠡᠳᠴᠢᠨ᠂ ᠮᠡᠳᠡᠷᠡᠯ ᠤᠨ ᠰᠢᠰᠲ᠋ᠧᠮ ᠤᠨ ᠡᠪᠡᠳᠴᠢᠨ ᠤᠯᠬᠤ ᠪᠤᠯᠤᠯᠴᠠᠭ᠎ᠠ ᠶᠢ ᠨᠡᠮᠡᠭᠳᠡᠬᠦᠯᠳᠡᠭ ᠭᠡᠵᠠᠢ᠃      ᠰᠤᠳᠤᠯᠭᠠᠲᠠᠳ ᠤᠨ ᠵᠢᠭᠠᠵᠤ ᠭᠠᠷᠭᠠᠭᠰᠠᠨ ᠢᠶᠠᠷ᠂ ᠡᠭᠡ ᠬᠦᠮᠦᠨ ᠬᠡᠳᠤ ᠮᠠᠷᠢᠶᠠᠯᠠᠪᠠᠯ ᠦᠷᠪᠢᠰᠦᠯ᠂ ᠬᠤᠷᠮᠤᠨ ᠪᠤᠯᠤᠨ ᠰᠤᠯᠢᠯᠴᠠᠭᠠᠨ ᠤ ᠪᠤᠳᠠᠰ ᠢ ᠨᠡᠮᠡᠭᠳᠡᠬᠦᠯᠵᠤ᠂ ᠦᠨᠳᠡᠭᠡᠨ ᠡᠰ ᠪᠤᠯᠤᠨ ᠬᠦᠪᠤᠷᠡᠯ ᠤᠨ ᠪᠤᠶᠢᠵᠢᠯᠲᠠ ᠶᠢ ᠰᠢᠭᠤᠳ ᠨᠦᠯᠦᠭᠡᠯᠡᠵᠤ᠂ ᠡᠬᠦᠨ ᠤ ᠤᠯᠠᠮ ᠠᠴᠠ ᠬᠡᠦᠭᠡᠳ ᠤᠨ ᠤᠳᠠᠭᠠᠨ ᠴᠢᠨᠠᠷᠲᠠᠢ ᠡᠪᠡᠳᠴᠢᠨ ᠤᠯᠬᠤ ᠪᠤᠯᠤᠯᠴᠠᠭ᠎ᠠ ᠶᠢ ᠤᠯᠠᠮ ᠨᠡᠮᠡᠭᠳᠡᠬᠦᠯᠵᠤ ᠮᠡᠳᠡᠨ᠎ᠡ︔ ᠡᠴᠢᠭᠡ ᠬᠦᠮᠦᠨ ᠬᠡᠳᠤ ᠮᠠᠷᠢᠶᠠᠯᠠᠬᠤ ᠨᠢ ᠪᠠᠰᠠ ᠦᠷ᠎ᠡ ᠡᠰ ᠤᠨ ᠴᠢᠨᠠᠷ ᠴᠢᠨᠰᠠᠭ᠎ᠠ᠂  ᠲᠤᠭ᠎ᠠ ᠬᠡᠮᠵᠢᠶ᠎ᠡ ᠶᠢ ᠪᠠᠭᠤᠷᠠᠭᠤᠯᠵᠤ᠂ ᠬᠡᠦᠭᠡᠳ ᠤᠨ  ᠤᠳᠠᠭᠠᠨ ᠴᠢᠨᠠᠷᠲᠠᠢ ᠡᠪᠡᠳᠴᠢᠨ ᠤᠯᠬᠤ ᠪᠤᠯᠤᠯᠴᠠᠭ᠎ᠠ ᠶᠢ ᠨᠡᠮᠡᠭᠳᠡᠬᠦᠯᠳᠡᠭ᠃  ᠬᠡᠪᠡᠴᠦ ᠰᠤᠳᠤᠯᠭᠠᠳᠠᠳ ᠤᠨ ᠬᠡᠯᠡᠬᠦ ᠪᠠᠷ᠂ ᠡᠴᠢᠭᠡ ᠬᠦᠮᠦᠨ ᠤ ᠢᠳᠡᠵᠤ ᠤᠤᠭᠤᠬᠤ ᠲᠠᠳᠬᠠᠯ ᠪᠠ ᠮᠠᠷᠢᠶ᠎ᠠ ᠨᠢ ᠦᠷ᠎ᠡ  ᠬᠡᠦᠭᠡᠳ ᠢᠶᠠᠨ ᠨᠦᠯᠦᠭᠡᠯᠡᠬᠦ ᠲᠠᠯ᠎ᠠ ᠪᠠᠷ ᠡᠭᠡ ᠬᠦᠮᠦᠨ ᠤ ᠬᠢ ᠲᠠᠢ ᠠᠳᠠᠯᠢᠬᠠᠨ ᠡᠰᠡᠬᠦ ᠨᠢ ᠤᠳᠤᠬᠠᠨ ᠳᠤ ᠪᠠᠰᠠ ᠲᠤᠳᠤᠷᠬᠠᠢ  ᠦᠭᠡᠢ ᠪᠠᠶᠢᠭᠰᠠᠭᠠᠷ᠃ ᠮᠡᠳᠡᠬᠦᠯᠦᠯᠲᠡ ᠶᠢᠨ ᠭᠤᠤᠯ ᠵᠤᠬᠢᠶᠠᠭᠴᠢ᠂ ᠯᠤᠨᠳᠤᠨ ᠶᠡᠭᠡ ᠰᠤᠷᠭᠠᠭᠤᠯᠢ ᠶᠢᠨ ᠲᠡᠭᠡᠳᠤ ᠰᠤᠷᠭᠠᠭᠤᠯᠢ ᠶᠢᠨ ᠫᠷᠤᠹᠧᠰᠰᠤᠷ Judith Stephen ᠬᠡᠯᠡᠬᠦ ᠳᠡᠭᠡᠨ᠂ ᠵᠢᠷᠮᠦᠰᠦᠯᠡᠬᠦ ᠶᠢᠨ ᠡᠮᠦᠨᠡᠬᠢ ᠬᠤᠭᠤᠴᠠᠭ᠎ᠠ ᠪᠤᠯ ᠮᠠᠰᠢ ᠴᠢᠬᠤᠯᠠ ᠪᠠᠶᠢᠳᠠᠭ᠂ ᠡᠴᠢᠭᠡ ᠡᠭᠡ ᠬᠦᠮᠦᠨ ᠤ ᠡᠷᠡᠬᠦᠯ ᠮᠡᠨᠳᠤ᠂ ᠲᠡᠳᠡᠨ ᠤ ᠪᠡᠶ᠎ᠡ ᠶᠢᠨ ᠬᠦᠨᠳᠤ᠂ ᠰᠢᠨ᠎ᠡ ᠬᠠᠭᠤᠴᠢᠨ ᠤ ᠰᠤᠯᠢᠯᠴᠠᠭ᠎ᠠ ᠪᠠ ᠢᠳᠡᠵᠤ ᠤᠤᠭᠤᠬᠤ ᠵᠡᠷᠭᠡ ᠨᠢ ᠦᠷ᠎ᠡ ᠬᠡᠦᠭᠡᠳ ᠤᠨ ᠢᠶᠠᠨ  ᠤᠳᠠᠭᠠᠨ ᠴᠢᠨᠠᠷᠲᠠᠢ ᠡᠪᠡᠳᠴᠢᠨ ᠤᠯᠬᠤ ᠪᠤᠯᠤᠯᠴᠠᠭ᠎ᠠ ᠶᠢ ᠨᠡᠮᠡᠭᠳᠡᠬᠦᠯᠳᠡᠭ᠂ ︽ᠪᠢᠳᠡ ᠤᠯᠠᠨ ᠨᠡᠶᠢᠲᠡ ᠶᠢᠨ ᠡᠷᠡᠬᠦᠯ ᠮᠡᠨᠳᠤ ᠶᠢᠨ ᠲᠦᠷᠦ ᠶᠢᠨ ᠪᠤᠳᠤᠯᠭ᠎ᠠ ᠲᠤᠭᠲᠠᠭᠠᠵᠤ ᠡᠨᠡ ᠲᠠᠯ᠎ᠠ   ᠶᠢᠨ ᠠᠶᠤᠯ ᠲᠦᠭᠰᠢᠬᠦᠷᠢ ᠶᠢ ᠪᠠᠭᠤᠷᠠᠭᠤᠯᠬᠤ ᠶᠠᠪᠤᠳᠠᠯ ᠢ ᠲᠠᠬᠢᠵᠤ ᠪᠤᠳᠤᠯᠬᠢᠯᠠᠬᠤ ᠴᠢᠬᠤᠯᠠᠲᠠᠢ ᠪᠠᠶᠢᠨ᠎ᠠ︾ ᠭᠡᠵᠠᠢ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号