ᠰᠢᠨᠬᠤᠸᠠ ᠬᠤᠷᠢᠶᠠᠨ ᠤ ᠵᠢᠨᠠᠨ ᠤ 11 ᠰᠠᠷ᠎ᠠ ᠶᠢᠨ 28 ᠤ ᠡᠳᠤᠷ ᠤᠨ ᠮᠡᠳᠡᠭᠡ ︵ᠰᠤᠷᠪᠤᠯᠵᠢᠯᠠᠭᠴᠢ ᠬᠤ᠋ | ᠬᠤᠤ᠂ ᠰᠢᠶᠤᠤ ᠬᠠᠢ ᠴᠤᠸᠠᠨ︶ ᠰᠤᠷᠭᠠᠨ ᠬᠦᠮᠦᠵᠢᠯ ᠤᠨ ᠶᠠᠮᠤᠨ 28 ᠤ ᠡᠳᠤᠷ ᠱᠠᠨᠳᠦ᠋ᠩ ᠤᠨ ᠵᠢᠨᠠᠨ ᠳᠤ ᠮᠡᠲᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠦᠭᠡᠷᠡᠴᠢᠯᠡᠯᠲᠡ ᠶᠢ ᠬᠦᠨᠵᠡᠭᠡᠶᠢᠷᠡᠬᠦᠯᠦᠨ ᠬᠦᠭᠵᠢᠯᠲᠡ ᠶᠢ ᠨᠢ ᠵᠢᠷᠤᠮᠵᠢᠭᠤᠯᠬᠤ ᠲᠤᠬᠠᠢ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠤᠨ ᠲᠤᠬᠠᠢ ᠲᠠᠶᠢᠯᠤᠮᠵᠢ | ᠬᠢᠪᠠ᠃ ᠰᠤᠷᠭᠠᠨ ᠬᠦᠮᠦᠵᠢᠯ ᠤᠨ ᠶᠠᠮᠤᠨ ᠤ ᠰᠠᠭᠤᠷᠢ ᠰᠤᠷᠭᠠᠨ ᠬᠦᠮᠦᠵᠢᠯ ᠤᠨ ᠵᠤᠷᠭᠠᠨ ᠤ ᠲᠠᠷᠤᠭ᠎ᠠ ᠯᠢᠤᠢ ᠢᠤᠢ | ᠭᠠᠩ ᠢᠯᠡᠷᠭᠡᠶᠢᠯᠡᠬᠦ ᠳᠡᠭᠡᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠨᠡᠶᠢᠲᠡ ᠶᠢᠨ ᠠᠰᠠᠷᠠᠮᠵᠢ | ᠶᠢᠨ ᠲᠦᠭᠡᠮᠡᠯ ᠬᠠᠷᠠᠭᠠᠯᠵᠠᠯ ᠤᠨ ᠴᠢᠭᠯᠡᠯ ᠤᠨ ᠦᠨᠳᠦᠰᠦᠨ ᠰᠢᠨᠵᠢ ᠶᠢ ᠪᠠᠷᠢᠮᠲᠠᠯᠠᠵᠤ᠂ ᠵᠤᠩᠬᠢᠯᠠᠬᠤ ᠤᠯᠠᠨ ᠲᠤᠭᠠᠨ | ᠤ ᠬᠡᠦᠭᠡᠳ ᠤᠨ ᠴᠡᠴᠡᠷᠯᠢᠭ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠤ ᠰᠤᠷᠭᠠᠨ ᠬᠦᠮᠦᠵᠢᠯ | ᠤᠨ ᠦᠢᠯᠡᠴᠢᠯᠡᠭᠡ ᠬᠦᠷᠲᠡᠭᠡᠬᠦ ᠶᠢᠨ ᠲᠦᠯᠦᠭᠡ᠂ ᠬᠤᠶᠢᠰᠢᠲᠠ ᠠᠯᠪᠠᠨ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ | ᠵᠢᠴᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ ᠤᠨ ᠬᠠᠷᠢᠴᠠᠯ ᠢ | ᠲᠡᠭᠡᠭᠰᠢᠯᠡᠬᠦᠯᠦᠨ᠎ᠡ ᠭᠡᠵᠠᠢ᠃ | ᠯᠢᠤᠢ ᠢᠤᠢ ᠭᠠᠩ ᠤᠨ ᠲᠠᠨᠢᠯᠴᠠᠭᠤᠯᠤᠭᠰᠠᠨ ᠢᠶᠠᠷ᠂ 2017 ᠤᠨ ᠳᠤ᠂ ᠠᠯᠪᠠᠨ ᠠᠴᠠ ᠡᠷᠬᠢᠯᠡᠭᠰᠡᠨ | ᠬᠡᠦᠭᠡᠳ ᠤᠨ ᠴᠡᠴᠡᠷᠯᠢᠭ ᠤᠨ ᠬᠠᠷᠢᠴᠠᠯ 44.1% ᠪᠠᠶᠢᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ | ᠡᠷᠬᠢᠯᠡᠭᠰᠡᠨ ᠬᠡᠦᠭᠡᠳ ᠤᠨ ᠴᠡᠴᠡᠷᠯᠢᠭ ᠤᠨ ᠬᠠᠷᠢᠴᠠᠯ 26.5% ᠪᠠᠶᠢᠵᠠᠢ᠃ 2020 ᠤᠨ ᠳᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ ᠤᠨ ᠬᠠᠷᠢᠴᠠᠯ ᠢ 80% ᠬᠦᠷᠭᠡᠬᠦ | ᠬᠠᠷᠠᠯᠲᠠ ᠶᠢ ᠪᠡᠶᠡᠯᠡᠬᠦᠯᠬᠦ ᠳᠤ ᠡᠷᠬᠡᠪᠰᠢ ᠠᠯᠪᠠᠨ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ ᠤᠨ ᠦᠨᠳᠦᠰᠦᠨ | ᠵᠦᠢᠯ ᠢ ᠪᠠᠲᠤᠯᠠᠬᠤ᠂ ᠰᠠᠭᠤᠷᠢ ᠱᠤᠭᠤᠮ ᠢ ᠪᠠᠲᠤᠯᠠᠬᠤ᠂ ᠴᠢᠭᠯᠡᠯ ᠢ ᠲᠠᠭᠠᠭᠤᠯᠬᠤ᠂ ᠦᠨ᠎ᠡ ᠬᠠᠩᠰᠢ ᠶᠢ | ᠲᠡᠩᠴᠡᠬᠦᠷᠢᠰᠢᠬᠦᠯᠬᠦ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠬᠤ ᠶᠢᠨ ᠬᠠᠮᠳᠤ ᠲᠦᠭᠡᠮᠡᠯ ᠬᠠᠷᠠᠭᠠᠯᠵᠠᠯ ᠤᠨ | ᠴᠢᠨᠠᠷᠲᠠᠢ ᠠᠷᠠᠳ ᠠᠴᠠ ᠡᠷᠬᠢᠯᠡᠭᠰᠡᠨ ᠬᠡᠦᠭᠡᠳ ᠤᠨ ᠴᠡᠴᠡᠷᠯᠢᠭ ᠲᠤ ᠦᠵᠡᠬᠦᠯᠬᠦ ᠲᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠯᠢᠤᠢ ᠢᠤᠢ ᠭᠠᠩ ᠪᠠᠰᠠ ᠲᠠᠨᠢᠯᠴᠠᠭᠤᠯᠤᠭᠰᠠᠨ ᠨᠢ᠂ ᠰᠤᠷᠭᠠᠨ ᠬᠦᠮᠦᠵᠢᠯ ᠤᠨ ᠶᠠᠮᠤᠨ ᠪᠠ | ᠮᠦᠩᠬᠦᠨ ᠬᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠬᠠᠮᠳᠤᠷᠠᠨ ᠬᠠᠮᠢᠶ᠎ᠠ ᠪᠦᠬᠦᠢ ᠲᠦᠷᠢᠮ ᠤᠨ | ᠠᠷᠭ᠎ᠠ ᠬᠡᠮᠵᠢᠶ᠎ᠡ ᠨᠡᠶᠢᠲᠡᠯᠡᠵᠤ᠂ ᠠᠰᠢᠭ ᠬᠤᠨᠵᠢᠪᠤᠷᠢ ᠬᠡᠳᠤ ᠬᠦᠭᠡᠭᠡᠴᠡᠯᠳᠦᠭᠰᠡᠨ ᠬᠡᠦᠭᠡᠳ ᠤᠨ ᠴᠠᠴᠡᠷᠯᠢᠭ ᠡᠷᠬᠢᠯᠡᠬᠦ | ᠦᠢᠯᠡ ᠠᠵᠢᠯᠯᠠᠭ᠎ᠠ ᠶᠢ ᠬᠤᠷᠢᠭᠯᠠᠬᠤ ᠪᠠᠷ ᠪᠠᠶᠢᠨ᠎ᠠ᠃ | |