ᠤᠳᠠ ᠲᠤᠭᠤᠷᠢᠭ ᠨᠡᠶᠢᠲᠡ ᠶᠢᠨ ᠠᠰᠠᠷᠠᠮᠵᠢ ᠶᠢᠨ ᠵᠠᠷ ᠤᠨ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2018-12-09
     ᠤᠲᠠ ᠲᠤᠭᠤᠷᠢᠭ ᠪᠦᠬᠦ ᠤᠯᠤᠰ ᠤᠨ ᠪᠤᠯᠪᠠᠰᠤᠨ ᠬᠤᠲᠠ ᠶᠢ ᠴᠤᠭᠴᠠᠯᠠᠬᠤ ᠠᠴᠢᠶᠠᠯᠠᠪᠤᠷᠢ ᠶᠢ ᠳᠠᠰᠤᠷᠠᠯᠲᠠ ᠦᠬᠡᠢ ᠪᠠᠶᠠᠯᠢᠭᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷ ᠤᠨ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠰᠠᠭᠤᠭᠠᠯᠢ ᠠᠷᠠᠳ ᠤᠨ ᠪᠦᠬᠦ ᠤᠯᠤᠰ ᠤᠨ ᠪᠤᠯᠪᠠᠰᠤᠨ ᠬᠤᠲᠠ ᠶᠢ ᠴᠤᠭᠴᠠᠯᠠᠬᠤ ᠮᠡᠲᠡᠷᠡᠮᠵᠢ ᠶᠢᠨ ᠬᠡᠮᠵᠢᠶ᠎ᠡ᠂ ᠳᠡᠮᠵᠢᠯᠡᠭᠡ ᠶᠢᠨ ᠬᠡᠮᠵᠢᠶ᠎ᠡ᠂ ᠤᠷᠤᠯᠴᠠᠯᠭ᠎ᠠ ᠶᠢᠨ ᠬᠡᠮᠵᠢᠶ᠎ᠡ ᠪᠤᠯᠤᠨ ᠲᠠᠭᠠᠰᠢᠶᠠᠯ ᠤᠨ ᠬᠡᠮᠵᠢᠶ᠎ᠡ ᠶᠢ ᠳᠡᠭᠡᠭᠰᠢᠯᠡᠬᠦᠯᠵᠦ᠂ ᠪᠦᠬᠦ ᠤᠯᠤᠰ ᠤᠨ ᠪᠤᠯᠪᠠᠰᠤᠨ ᠬᠤᠲᠠ ᠶᠢ ᠴᠤᠭᠴᠠᠯᠠᠬᠤ ᠠᠭᠤᠷ ᠠᠮᠢᠰᠬᠤᠯ ᠢ ᠢᠳᠡᠪᠬᠢᠲᠡᠢ ᠪᠦᠷᠢᠯᠳᠦᠬᠦᠯᠵᠡᠢ᠃      ᠡᠨᠡ ᠵᠢᠯ ᠠᠴᠠ ᠨᠠᠰᠢ᠂ ᠤᠲᠠ ᠲᠤᠭᠤᠷᠢᠭ ᠡᠯ᠎ᠡ ᠲᠠᠯᠠᠪᠤᠷ ᠪᠠᠭᠤᠳᠠᠯ᠂ ᠲᠤᠮᠤ ᠬᠡᠯᠪᠡᠷᠢ ᠶᠢᠨ ᠪᠦᠷᠢᠨ ᠪᠠᠷᠠᠭᠠᠲᠦ ᠳᠡᠯᠬᠡᠬᠦᠷ᠂ ᠪᠠᠩᠬᠢ᠂  ᠤᠶᠢᠯᠡᠴᠢᠯᠡᠬᠡᠨ ᠤ ᠴᠤᠩᠬᠤ ᠪᠠᠷ ᠤᠶᠢᠯᠡᠴᠢᠯᠡᠬᠦ ᠪᠠᠶᠢᠭᠤᠯᠭ᠎ᠠ ᠨᠢᠬᠡᠴᠢ᠂ ᠠᠷᠠᠳ  ᠤᠨ ᠶᠠᠪᠤᠳᠠᠯ ᠤᠨ ᠲᠢᠩᠬᠢᠮ ᠳᠤ 22 ᠶᠤᠰᠤ ᠰᠤᠷᠲᠠᠬᠤᠨ ᠤ ᠵᠢᠱᠢᠶ᠎ᠡ ᠦᠵᠡᠬᠦᠯᠬᠦ ᠦᠵᠡᠬᠦᠯᠬᠡ ᠶᠢᠨ ᠫᠠᠶᠢᠰᠠ ᠶᠢ ᠤᠶᠢᠯᠡᠳᠦᠨ ᠪᠤᠰᠬᠠᠵᠦ᠂ ᠬᠤᠲᠠ ᠶᠢᠨ ᠠᠷᠠᠳ ᠤᠨ ᠪᠤᠯᠪᠠᠰᠤᠨ ᠤ ᠭᠠᠷ ᠠᠪᠤᠯᠠᠭ᠎ᠠ ᠶᠢ 12000 ᠭᠠᠷᠤᠢ ᠬᠤᠪᠢ ᠳᠠᠷᠤᠮᠯᠠᠨ ᠲᠠᠷᠬᠠᠭᠠᠵᠦ᠂ ᠵᠢᠷᠤᠭ ᠢᠶᠠᠷ ᠪᠢᠳᠡᠨᠦᠰ ᠤᠨ ᠦᠷᠲᠡᠭ ᠤᠨ ᠦᠵᠡᠯᠲᠡ ᠶᠢ ᠲᠠᠶᠢᠯᠪᠤᠷᠢᠯᠠᠬᠤ᠂ ᠪᠤᠯᠪᠠᠰᠤᠨ ᠰᠤᠷᠲᠠᠯ ᠲᠠᠢ ᠪᠠᠶᠢᠵᠦ᠂ ᠰᠢᠨ᠎ᠡ ᠬᠡᠪ ᠰᠤᠷᠲᠠᠯ ᠢ ᠪᠦᠷᠢᠯᠳᠦᠬᠦᠯᠬᠦ ᠵᠡᠷᠭᠡ ᠨᠡᠶᠢᠲᠡ ᠶᠢᠨ ᠠᠰᠠᠷᠠᠮᠵᠢ ᠶᠢᠨ ᠵᠠᠷ ᠮᠡᠲᠡᠭᠡ  ᠶᠢ 24000 ᠭᠠᠷᠤᠢ ᠬᠤᠪᠢ ᠤᠶᠢᠯᠡᠳᠦᠨ ᠨᠠᠭᠠᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号