ᠵᠢᠷᠦᠬᠡᠨ‌ᠡᠪᠡᠳᠴᠢᠨ ᠤ ᠲᠤᠬᠠᠢ 12 ᠮᠡᠳᠡᠯᠭᠡ
ᠨᠡᠶᠢᠲᠡᠯᠡᠭᠰᠡᠨ ᠴᠠᠭ᠄
2019-01-09
                            ᠵᠢᠷᠦᠬᠡᠨ‌ᠡᠪᠡᠳᠴᠢᠨ ᠤ ᠲᠤᠬᠠᠢ 12 ᠮᠡᠳᠡᠯᠭᠡ             —  ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ  ᠶᠢᠨ ᠬᠤᠷᠢᠶᠠᠨ ᠤ  ᠵᠢᠷᠦᠬᠡ ᠳᠣᠲᠣᠷ ᠰᠠᠯᠠᠭᠠᠨ ᠤ ᠡᠷᠬᠢᠯᠡᠭᠴᠢ ᠡᠮᠴᠢ ᠯᠢ ᠰᠢᠤᠸᠠᠢ ᠪᠢᠨ ᠨᠠᠷ      ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠪᠣᠯ ᠡᠷᠡᠭᠦᠯ ᠮᠡᠨᠳᠦ ᠶᠢ ᠰᠦᠷᠳᠡᠭᠦᠯᠳᠡᠭ ᠲᠦᠷᠦᠭᠦᠦ ᠶᠠᠷᠭᠠᠴᠢᠨ ᠮᠦᠨ᠃ ᠭᠡᠪᠡᠴᠦ ᠬᠤᠯᠪᠣᠭᠳᠠᠯ ᠪᠦᠬᠦᠢ ᠡᠪᠡᠳᠴᠢᠨ ᠤ ᠮᠡᠳᠡᠯᠭᠡ ᠶᠢᠨ ᠲᠤᠬᠠᠢ᠂ ᠣᠯᠠᠩᠬᠢ ᠬᠦᠮᠦᠰ ᠨᠢᠭᠡ ᠪᠣᠯ ᠳᠡᠮᠡᠢ ᠮᠡᠳᠡᠬᠦ ᠦᠭᠡᠢ᠂ ᠨᠢᠭᠡ ᠪᠣᠯ ᠠᠳᠡᠭᠦᠷᠡᠯ ᠲᠠᠢ ᠪᠠᠶᠢᠳᠠᠭ᠃ ᠳᠣᠣᠷᠠᠬᠢ ᠪᠣᠯ ᠮᠠᠨ ᠤ ᠡᠮᠬᠢᠳᠬᠡᠭᠰᠡᠨ ᠨᠢᠭᠡ ᠪᠦᠯᠦᠭ ᠵᠢᠷᠦᠬᠡᠨ ᠡᠪᠡᠳᠴᠢᠨ ᠤ ᠦᠨᠡᠨ ᠪᠠᠶᠢᠳᠠᠯ ᠪᠣᠯᠣᠨ᠎ᠠ᠂ ᠤᠩᠰᠢᠭᠴᠢᠳ ᠢᠯᠡᠭᠦᠬᠡᠨ ᠣᠶᠢᠯᠠᠭᠠᠬᠤ ᠪᠣᠯᠪᠠᠤ᠃      1. ᠵᠢᠷᠦᠬᠡᠨ ᠡᠪᠡᠳᠴᠢᠨ ᠢ ᠳᠤᠷ᠎ᠠ ᠪᠠᠷ ᠢᠶᠠᠨ ᠣᠨᠣᠰᠢᠯᠠᠳᠠᠭ ᠪᠢᠰᠢ᠂ ᠦᠩᠭᠡᠷᠡᠭᠰᠡᠨ ᠳᠤ ᠴᠡᠭᠡᠵᠢ ᠡᠪᠡᠳᠦᠭᠰᠡᠨ ᠪᠤᠶᠤ ᠵᠢᠷᠦᠬᠡ ᠲᠦᠭᠰᠢᠭᠰᠡᠨ ᠦᠩᠭᠡᠷᠡᠯᠲᠡ ᠲᠠᠢ ᠯᠡ ᠪᠣᠯ ᠵᠢᠷᠦᠬᠡᠨ ᠡᠪᠡᠳᠴᠢᠨ ᠭᠡᠵᠦ ᠬᠡᠯᠡᠵᠦ ᠪᠣᠯᠬᠤ ᠦᠭᠡᠢ᠂ ᠬᠠᠷᠢᠨ ᠲᠣᠳᠣᠷᠬᠠᠢ ᠣᠨᠣᠰᠢᠯᠠᠬᠤ ᠪᠠᠷᠢᠮᠵᠢᠶ᠎ᠠ ᠶᠢ ᠦᠨᠳᠦᠰᠦᠯᠡᠨ ᠨᠤᠳᠠᠯᠠᠬᠤ ᠬᠡᠷᠡᠭᠲᠡᠢ᠃ ᠵᠢᠷᠦᠬᠡᠨ ᠡᠪᠡᠳᠴᠢᠨ ᠳᠤ ᠮᠠᠰᠢ ᠣᠯᠠᠨ ᠵᠦᠢᠯ ᠪᠠᠶᠢᠵᠤ᠂ ᠴᠢᠰᠤᠨ ᠰᠤᠳᠠᠯ ᠤᠨ ᠠᠰᠠᠭᠤᠳᠠᠯ᠂ ᠵᠢᠷᠦᠬᠡᠨ ᠪᠣᠯᠴᠢᠩ ᠤᠨ ᠠᠰᠠᠭᠤᠳᠠᠯ᠂ ᠵᠢᠷᠦᠬᠡᠨ ᠤ ᠴᠠᠬᠢᠯᠭᠠᠨ ᠬᠡᠯᠬᠢᠶ᠎ᠡ ᠶᠢᠨ ᠠᠰᠠᠭᠤᠳᠠᠯ ᠵᠢᠴᠢ ᠵᠢᠷᠦᠬᠡᠨ ᠬᠠᠪᠬᠠᠭ ᠪᠦᠷᠬᠦᠪᠴᠢ ᠶᠢᠨ ᠠᠰᠠᠭᠤᠳᠠᠯ ᠵᠡᠷᠭᠡ ᠠᠰᠠᠭᠤᠳᠠᠯ ᠢᠶᠠᠷ ᠢᠯᠡᠷᠡᠵᠦ ᠮᠡᠳᠡᠨ᠎ᠡ᠂  ᠡᠭᠦᠨ ᠤ ᠲᠦᠯᠦᠭᠡᠯᠡᠬᠦ ᠴᠢᠨᠠᠷ ᠲᠠᠢ ᠡᠪᠡᠳᠴᠢᠨ ᠨᠢ ᠲᠤᠰ ᠲᠤᠰ ᠵᠢᠷᠦᠬᠡᠨ ᠲᠢᠲᠢᠮ ᠤᠨ ᠡᠪᠡᠳᠴᠢᠨ᠂ ᠵᠢᠷᠦᠬᠡᠨ ᠪᠣᠯᠴᠢᠩ ᠤᠨ ᠡᠪᠡᠳᠴᠢᠨ᠂  ᠵᠢᠷᠦᠬᠡᠨ ᠴᠤᠬᠢᠯᠭ᠎ᠠ ᠬᠡᠮ  ᠢᠶᠠᠨ ᠠᠯᠳᠠᠬᠤ ᠪᠠ ᠵᠢᠷᠦᠬᠡᠨ ᠤ ᠬᠠᠪᠬᠠᠯᠠᠭ᠎ᠠ ᠶᠢᠨ ᠡᠪᠡᠳᠴᠢᠨ ᠪᠣᠯᠣᠨ᠎ᠠ᠃ ᠭᠡᠬᠦ ᠳᠡᠭᠡᠨ ᠦᠷᠭᠦᠯᠵᠢ ᠴᠢᠨᠠᠷᠲᠠᠢ ᠵᠢᠷᠦᠬᠡ ᠪᠠᠵᠠᠯᠠᠵᠤ ᠡᠪᠡᠳᠬᠦ᠂ ᠲᠣᠭᠲᠠᠭᠤᠨ ᠪᠣᠰᠤ ᠴᠢᠨᠠᠷᠲᠠᠢ ᠵᠢᠷᠦᠬᠡ  ᠪᠠᠵᠠᠯᠠᠵᠤ ᠡᠪᠡᠳᠬᠦ ᠡᠪᠡᠳᠴᠢᠨ ᠬᠢᠭᠡᠳ ᠵᠢᠷᠦᠬᠡᠨ ᠤ ᠪᠣᠯᠴᠢᠩ ᠤᠨ ᠪᠢᠲᠡᠭᠦᠷᠡᠯ ᠨᠢ ᠴᠦᠮ ᠵᠢᠷᠦᠬᠡᠨ ᠲᠢᠲᠢᠮ ᠤᠨ ᠡᠪᠡᠳᠴᠢᠨ ᠳᠤ ᠪᠠᠭᠲᠠᠵᠤ᠂ ᠲᠦᠭᠰᠢᠭᠦᠷᠢ ᠶᠢᠨ ᠬᠡᠮᠵᠢᠶ᠎ᠡ ᠨᠢ ᠳᠠᠷᠠᠭᠠᠯᠠᠨ ᠨᠡᠮᠡᠭᠳᠡᠨ᠎ᠡ᠃      2. ᠵᠢᠷᠦᠬᠡᠨ ᠤ ᠯᠤᠭᠰᠢᠯᠲᠠ ᠶᠢᠨ ᠵᠢᠷᠤᠭ ᠤᠨ ST-T ᠬᠡᠰᠡᠭ ᠤᠨ ᠬᠤᠪᠢᠷᠠᠯᠲᠠ ᠶᠢ ᠵᠢᠷᠦᠬᠡᠨ ᠲᠢᠲᠢᠮ ᠤᠨ ᠡᠪᠡᠳᠴᠢᠨ ᠭᠡᠵᠦ ᠬᠡᠯᠡᠬᠦ ᠶᠢᠨ ᠠᠷᠭ᠎ᠠ ᠦᠭᠡᠢ᠂ ᠴᠡᠭᠡᠵᠢ ᠵᠢᠷᠦᠰᠬᠢᠨ ᠡᠪᠡᠳᠬᠦ ᠶᠢ ᠴᠤ ᠵᠢᠷᠦᠬᠡᠨ ᠲᠢᠲᠢᠮ ᠤᠨ ᠡᠪᠡᠳᠴᠢᠨ ᠭᠡᠵᠦ ᠬᠡᠯᠡᠬᠦ ᠶᠢᠨ ᠠᠷᠭ᠎ᠠ ᠦᠭᠡᠢ᠃ ᠵᠢᠷᠦᠬᠡᠨ ᠲᠢᠲᠢᠮ ᠤᠨ ᠡᠪᠡᠳᠴᠢᠨ ᠢ ᠣᠨᠣᠰᠢᠯᠠᠬᠤ ᠳᠤ ᠡᠪᠡᠳᠴᠢᠨ ᠤ ᠪᠠᠶᠢᠳᠠᠯ᠂ ᠵᠢᠷᠦᠬᠡᠨ ᠤ ᠴᠠᠬᠢᠯᠭᠠᠨ ᠵᠢᠷᠤᠭ᠂ ᠵᠢᠷᠦᠬᠡᠨ ᠤ ᠬᠡᠳᠦ ᠲᠤᠯᠬᠢᠶᠠᠨ ᠵᠡᠷᠭᠡ ᠶᠢᠨ ᠦᠷ᠎ᠡ ᠳ᠋ᠦᠩ  ᠲᠠᠢ ᠤᠶᠠᠯᠳᠤᠭᠤᠯᠤᠨ᠎ᠠ᠂  ᠬᠠᠮᠤᠭ ᠤᠨ ᠡᠴᠦᠰ ᠤᠨ ᠨᠠᠶᠢᠳᠠᠪᠤᠷᠢᠳᠤ ᠪᠠᠷᠢᠮᠵᠢᠶ᠎ᠠ ᠪᠤᠯ ᠲᠢᠲᠢᠮᠯᠢᠭ ᠯᠤᠭᠰᠢᠭᠤᠨ ᠰᠤᠳᠠᠯ ᠤᠨ ᠳᠦᠷᠰᠦ ᠵᠢᠷᠤᠭ ᠪᠣᠯᠣᠨ᠎ᠠ᠃      3.ᠨᠡᠶᠢᠲᠡᠯᠢᠭ ᠴᠢᠨᠠᠷ ᠲᠠᠢ ᠵᠢᠷᠦᠬᠡ ᠪᠠᠵᠠᠯᠠᠵᠤ ᠡᠪᠡᠳᠬᠦ   ᠨᠢ  ᠬᠦᠳᠡᠯᠭᠡᠭᠡᠨ ᠠᠴᠠ  ᠡᠭᠦᠰᠴᠦ᠂  ᠬᠡᠳᠦᠨ  ᠮᠢᠨᠦ᠋ᠲ ᠦᠷᠭᠦᠯᠵᠢᠯᠡᠬᠦ ᠪᠦᠭᠡᠳ ᠪᠠᠶᠢᠷᠢ ᠨᠢ ᠴᠡᠭᠡᠵᠢᠨ ᠶᠠᠰᠤᠨ ᠤ ᠠᠷᠤ ᠳᠤ ᠪᠠᠶᠢᠳᠠᠭ᠂ ᠳᠡᠭᠡᠳᠦ ᠮᠦᠴᠢ᠂ ᠰᠢᠳᠦ ᠵᠡᠷᠭᠡ ᠣᠷᠣᠨ ᠪᠠᠶᠢᠷᠢ ᠳᠤ ᠬᠠᠷᠪᠤᠵᠤ ᠡᠪᠡᠳᠬᠦ ᠪᠠᠶᠢᠳᠠᠯ ᠢᠯᠡᠷᠡᠵᠦ᠂ ᠭᠤᠴᠢᠨ ᠮᠢᠨᠦ᠋ᠲ ᠬᠡᠲᠦᠷᠡᠲᠡᠯ᠎ᠡ ᠵᠤᠭᠰᠤᠯ ᠦᠭᠡᠢ ᠴᠡᠭᠡᠵᠢ ᠡᠪᠡᠳᠴᠤ ᠪᠠᠶᠢᠪᠠᠯ ᠵᠢᠷᠦᠬᠡᠨ ᠪᠣᠯᠴᠢᠩ ᠤᠨ ᠪᠢᠲᠡᠭᠦᠷᠡᠯ ᠮᠦᠨ ᠮᠠᠭᠠᠳ ᠪᠠᠶᠢᠵᠤ᠂ ᠳᠠᠷᠤᠢ ᠲᠦᠷᠭᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠢ᠃ ᠬᠡᠳᠦᠨ ᠭᠠᠷᠠᠭ ᠪᠤᠶᠤ ᠬᠡᠳᠦᠨ ᠰᠠᠷ᠎ᠠ ᠦᠷᠭᠦᠯᠵᠢᠯᠡᠨ ᠴᠡᠭᠡᠵᠢ ᠡᠪᠡᠳᠬᠦ  ᠨᠢ ᠵᠢᠷᠦᠬᠡ ᠪᠠᠵᠠᠯᠠᠵᠤ ᠡᠪᠡᠳᠬᠦ ᠪᠢᠰᠢ᠂ ᠵᠦᠪᠬᠡᠨ ᠨᠢᠭᠡ ᠯᠡ ᠰᠧᠺᠦ᠋ᠨ᠋ᠳ᠋ ᠦᠷᠭᠦᠯᠵᠢᠯᠡᠭᠰᠡᠨ ᠨᠢ ᠵᠢᠷᠦᠬᠡ ᠪᠠᠵᠠᠯᠠᠵᠤ ᠡᠪᠡᠳᠬᠦ ᠨᠡᠩ ᠴᠦ ᠪᠢᠰᠢ᠃      4. ᠵᠢᠷᠦᠬᠡᠨ ᠤ ᠪᠣᠯᠴᠢᠩ ᠤᠨ ᠪᠢᠲᠡᠭᠦᠷᠡᠯ ᠡᠪᠡᠳᠴᠢᠨ ᠤ ᠰᠡᠵᠢᠭᠯᠡᠯᠲᠡᠢ ᠦᠶ᠎ᠡ ᠳᠤ᠂ ᠰᠢᠳᠦ ᠵᠢᠭᠤᠨ ᠲᠡᠰᠴᠦ ᠪᠣᠯᠬᠤ ᠦᠭᠡᠢ᠂ ᠪᠠᠯᠴᠢᠷ ᠢ ᠳᠠᠷᠤᠬᠤ ᠪᠤᠶᠤ ᠳ᠋ᠠᠨ ᠱᠧᠨ ᠳ᠋ᠢ ᠸᠠᠨ ᠦᠷᠢᠯ ᠢ ᠤᠤᠭᠤᠬᠤ ᠨᠢ ᠴᠤ ᠳᠡᠮᠡᠢ ᠲᠤᠰᠠ ᠪᠣᠯᠬᠤ ᠦᠭᠡᠢ᠂ ᠡᠷᠬᠡᠪᠰᠢ ᠳᠠᠷᠤᠢ ᠲᠦᠷᠭᠡᠨ ᠡᠮᠨᠡᠯᠭᠡ ᠳᠤ ᠬᠦᠷᠴᠦ᠂ ᠬᠠᠮᠤᠭ ᠤᠨ ᠰᠠᠶᠢᠨ ᠡᠮᠴᠢᠯᠡᠭᠡᠨ ᠤ ᠠᠵᠠ ᠲᠣᠬᠢᠶᠠᠯ ᠢ ᠠᠯᠳᠠᠬᠤ ᠦᠭᠡᠢ ᠪᠠᠶᠢᠬᠤ ᠬᠡᠷᠡᠭᠲᠡᠢ᠃      5.  ᠲᠦᠷᠭᠡᠨ ᠴᠢᠨᠠᠷᠲᠠᠢ  ST  ᠦᠨᠳᠦᠷᠵᠢᠬᠦ  ᠬᠡᠯᠪᠡᠷᠢ ᠶᠢᠨ ᠵᠢᠷᠦᠬᠡᠨ ᠤ  ᠪᠣᠯᠴᠢᠩ ᠤᠨ ᠪᠢᠲᠡᠬᠦᠷᠡᠯ ᠳᠤ ᠨᠡᠷᠪᠡᠭᠳᠡᠭᠰᠡᠳ ᠲᠤ᠂ ᠲᠡᠯᠡᠭᠡᠰᠤ ᠬᠢᠭᠰᠡᠨ‌ᠨᠢ ᠠᠮᠢ ᠨᠠᠰᠤ ᠶᠢ ᠠᠪᠤᠷᠠᠬᠤ ᠶᠢᠨ ᠲᠥᠯᠥᠭᠡ  ᠪᠣᠯᠬᠤ ᠠᠴᠠ ᠪᠢᠰᠢ᠂ ᠴᠢᠨᠤ  ᠵᠣᠭᠤᠰ ᠢ ᠴᠢᠨᠢ ᠬᠤᠨᠵᠢᠬᠤ ᠶᠢᠨ ᠲᠥᠯᠥᠭᠡ ᠪᠢᠰᠢ ᠶᠤᠮ᠃  ᠭᠠᠳᠠᠭᠠᠳᠤ ᠠᠴᠠ ᠣᠷᠣᠭᠤᠯᠤᠭᠰᠠᠨ ᠲᠡᠯᠡᠭᠡᠰᠤ ᠪᠠ ᠤᠯᠤᠰ ᠲᠤ ᠪᠠᠨ ᠦᠢᠯᠡᠳᠦᠭᠰᠡᠨ‌‍ᠲ᠋ᠡᠯᠡᠭᠡᠰᠤ ᠶᠢᠨ ᠭᠤᠣᠯ ᠢᠯᠭᠠᠭ᠎ᠠ ᠨᠢ ᠦᠨ᠎ᠡ ᠬᠠᠩᠰᠢ ᠳᠡᠭᠡᠷ᠎ᠡ ᠪᠠᠨ ᠪᠠᠶᠢᠨ᠎ᠠ᠂ ᠡᠮᠴᠢᠯᠡᠭᠡᠨ ᠤ ᠬᠡᠷᠡᠭᠯᠡᠭᠡᠨ ᠤ ᠦᠷ᠎ᠡ ᠪᠦᠲᠦᠮᠵᠢ ᠠᠴᠠ ᠦᠵᠡᠪᠡᠯ᠂ ᠴᠢᠰᠤᠨ ᠰᠤᠳᠠᠯ ᠢ ᠳᠠᠬᠢᠨ ᠨᠡᠪᠲᠡᠷᠡᠭᠦᠯᠬᠦ ᠪᠠ ᠳᠠᠪᠬᠤᠴᠠᠭᠰᠠᠨ ᠡᠪᠡᠳᠴᠢᠨ ᠤ ᠲᠠᠯ᠎ᠠ ᠪᠠᠷ ᠢᠯᠭᠠᠭ᠎ᠠ ᠦᠭᠡᠢ᠃      6. ᠬᠡᠷᠪᠡ ᠲᠡᠯᠡᠭᠡᠰᠤ ᠬᠢᠭᠰᠡᠨ ᠪᠠᠶᠢᠪᠠᠯ᠂ ᠠᠨᠲ᠋ᠢᠫᠯᠧᠲ᠋ᠢᠫ ᠡᠮ ᠢ ᠡᠷᠬᠡᠪᠰᠢ ᠬᠡᠷᠡᠭᠯᠡᠬᠦ ᠬᠡᠷᠡᠭᠲᠡᠢ᠂ ᠲᠡᠷᠡ ᠨᠢ ᠬᠡᠳᠦᠶᠢᠪᠡᠷ ᠴᠢᠰᠤ ᠭᠠᠷᠬᠤ ᠲᠦᠭᠰᠢᠭᠦᠷᠢ ᠶᠢ ᠨᠡᠮᠡᠭᠳᠡᠭᠦᠯᠳᠡᠭ ᠪᠣᠯᠪᠠᠴᠤ ᠲᠡᠯᠡᠭᠡᠰᠤ ᠶᠢᠨ ᠳᠣᠲᠣᠭᠠᠳᠤ ᠶᠢᠨ ᠪᠦᠭᠡᠮᠨᠡᠷᠡᠯ ᠲᠠᠢ ᠠᠳᠠᠯᠢᠳᠬᠠᠪᠠᠯ ᠪᠦᠷ ᠪᠠᠭ᠎ᠠ ᠶᠠᠪᠤᠳᠠᠯ ᠶᠤᠮ᠃ ᠡᠭᠦᠨ ᠠᠴᠠ ᠭᠠᠳᠠᠨ᠎ᠠ᠂ ᠲᠡᠯᠡᠭᠡᠰᠤ ᠨᠢ ᠳᠠᠭᠠᠳᠬᠠᠯ ᠪᠢᠰᠢ᠂ ᠲᠡᠯᠡᠭᠡᠰᠤ ᠬᠢᠴᠢᠭᠡᠪᠡᠯ ᠠᠯᠳᠠᠰᠢ ᠭᠠᠷᠬᠤ ᠦᠭᠡᠢ ᠭᠡᠰᠡᠨ ᠶᠠᠪᠤᠳᠠᠯ ᠪᠢᠰᠢ᠂ ᠬᠢᠵᠠᠭᠠᠷᠯᠠᠬᠤ ᠶᠣᠰᠣᠲᠠᠢ ᠴᠢᠰᠤᠨ ᠳᠠᠷᠤᠯᠲᠠ᠂  ᠴᠢᠰᠤᠨ ᠤ ᠰᠢᠬᠢᠷ᠂  ᠴᠢᠰᠤᠨ ᠤ ᠥᠭᠡᠬᠦ ᠶᠢ ᠮᠦᠨ ᠬᠢᠵᠠᠭᠠᠷᠯᠠᠵᠤ᠂ ᠲᠠᠮᠠᠬᠢ ᠲᠠᠲᠠᠬᠤ ᠪᠠᠨ ᠮᠦᠨ ᠵᠣᠭᠰᠣᠬᠤ ᠬᠡᠷᠡᠭᠲᠡᠢ      7. ᠳᠤᠰᠤᠯ ᠠᠷᠢᠬᠢ ᠴᠤ ᠠᠮᠰᠠᠬᠤ ᠦᠭᠡᠢ ᠪᠠᠶᠢᠪᠠᠯ ᠬᠠᠮᠤᠭ ᠤᠨ ᠰᠠᠶᠢᠨ︕      8.ᠬᠦᠮᠦᠨ ᠪᠣᠯᠭᠠᠨ ᠳᠤ ᠴᠦᠮ ᠯᠤᠭᠰᠢᠭᠤᠨ ᠰᠤᠳᠠᠯ ᠤᠨ ᠪᠤᠳᠠᠭᠠᠯᠢᠭ ᠬᠠᠲᠠᠭᠤᠷᠠᠯ ᠡᠭᠦᠰᠳᠡᠭ᠂ ᠡᠨᠡ ᠨᠢ  ᠪᠢᠳᠡᠨ ᠤ ᠠᠷᠪᠠᠨ ᠬᠡᠳᠦᠲᠡᠢ ᠠᠴᠠ ᠡᠬᠢᠯᠡᠳᠡᠭ ᠶᠤᠮ᠂ ᠨᠠᠰᠤ ᠨᠡᠮᠡᠭᠳᠡᠬᠦ ᠳᠣᠲᠣᠮ ᠬᠦᠨᠳᠦᠷᠡᠨ᠎ᠡ᠃ ᠡᠮ ᠢᠶᠠᠷ ᠵᠠᠰᠠᠬᠤ  ᠨᠢ ᠲᠤᠭᠲᠠᠪᠤᠷᠢᠵᠢᠭᠤᠯᠬᠤ ᠪᠤᠶᠤ ᠪᠤᠳᠠᠭᠠᠯᠢᠭ ᠬᠠᠲᠠᠭᠤᠷᠠᠯ ᠡᠭᠦᠰᠬᠦ ᠠᠬᠢᠴᠠ ᠶᠢ ᠤᠳᠠᠭᠠᠰᠢᠷᠠᠭᠤᠯᠬᠤ ᠠᠴᠠ ᠪᠢᠰᠢ᠂ ᠡᠷᠭᠢᠯᠲᠡ ᠭᠠᠷᠭᠠᠬᠤ ᠪᠤᠶᠤ ᠲᠤᠶᠢᠯᠪᠤᠷᠢᠲᠠᠢ ᠠᠷᠢᠯᠭᠠᠵᠤ ᠴᠢᠳᠠᠬᠤ ᠦᠭᠡᠢ ᠶᠤᠮ᠃ ᠡᠨᠡ ᠨᠢ ᠬᠦᠮᠦᠨ ᠤ ᠨᠢᠭᠤᠷ ᠤᠨ ᠦᠷᠴᠢᠯᠡᠭᠡᠰᠦ ᠮᠡᠲᠦ᠂ ᠲᠡᠷᠡ ᠨᠠᠰᠤᠨ ᠳᠤ ᠬᠦᠷᠪᠡᠯ ᠠᠶᠠᠨᠳᠠᠭᠠᠨ ᠪᠣᠢ ᠪᠣᠯᠳᠠᠭ ᠶᠤᠮ᠃      9. ᠬᠡᠮᠡᠯ ᠤᠨ ᠴᠢᠨᠠᠷᠲᠠᠢ ᠵᠢᠷᠦᠬᠡᠨ ᠤ ᠬᠡᠮᠨᠡᠯ ᠪᠣᠯ ᠳᠠᠷᠤᠢ  ᠬᠡᠮᠡᠯ  ᠲᠤᠰᠬᠤᠭᠤᠷ ᠤᠨ ᠵᠠᠩᠭᠢᠯᠠᠭ᠎ᠠ ᠠᠴᠠ  ᠭᠤᠣᠯᠯᠠᠨ ᠡᠵᠡᠮᠳᠡᠭᠰᠡᠨ ᠵᠢᠷᠤᠬᠡᠨ ᠤ ᠬᠡᠮᠨᠡᠯ ᠮᠦᠨ᠂ ᠡᠨᠡ ᠨᠢ ᠬᠡᠪ ᠤᠨ ᠪᠠᠶᠢᠳᠠᠯ ᠪᠣᠯᠣᠨ᠎ᠠ᠂  ᠬᠠᠷᠢᠨ ᠵᠢᠷᠦᠬᠡᠨ ᠤ ᠡᠪᠡᠳᠴᠢᠨ ᠪᠢᠰᠢ᠃ ᠡᠷᠡᠭᠦᠯ ᠬᠦᠮᠦᠨ ᠪᠣᠯᠭᠠᠨ ᠤ ᠵᠢᠷᠦᠬᠡᠨ ᠤ ᠴᠠᠬᠢᠯᠭᠠᠨ ᠵᠢᠷᠤᠭ ᠨᠢ ᠴᠦᠮ ᠬᠡᠮᠡᠯ ᠤᠨ ᠴᠢᠨᠠᠷᠲᠠᠢ ᠵᠢᠷᠦᠬᠡᠨ ᠤ ᠬᠡᠮᠨᠡᠯ  ᠮᠦᠨ᠂ ᠵᠢᠷᠦᠬᠡᠨ ᠤ ᠳᠠᠪᠲᠠᠮᠵᠢ ᠨᠢ 60~100 ᠤᠳᠠᠭ᠎ᠠ / ᠮᠢᠨᠦ᠋ᠲ ᠪᠠᠶᠢᠳᠠᠭ᠃      10. ᠠᠩᠬᠠᠨ ᠤ ᠴᠢᠨᠠᠷ ᠪᠦᠬᠦᠢ ᠴᠢᠰᠤᠨ ᠳᠠᠷᠤᠯᠲᠠ ᠦᠨᠳᠦᠷᠵᠢᠬᠦ ᠡᠪᠡᠳᠴᠢᠨ ᠢ ᠵᠠᠰᠠᠵᠤ ᠡᠳᠡᠭᠡᠷᠡᠭᠦᠯᠵᠦ ᠳᠡᠶᠢᠯᠬᠦ ᠦᠭᠡᠢ᠂ ᠣᠨᠴᠠ ᠵᠣᠷ ᠴᠦ ᠬᠡᠷᠡᠭ ᠦᠭᠡᠢ᠂ ᠬᠢᠲᠠᠳ ᠡᠮ ᠴᠦ ᠲᠡᠶᠢᠯᠬᠦ ᠦᠭᠡᠢ᠂ ᠡᠯᠳᠡᠪ ᠠᠷᠭ᠎ᠠ ᠡᠷᠢᠬᠦ ᠶᠢᠨ ᠣᠷᠣᠨ ᠳᠤ ᠴᠢᠰᠤᠨ ᠳᠠᠷᠤᠯᠲᠠ ᠪᠠᠨ ᠬᠡᠪ ᠤᠨ ᠬᠡᠪᠴᠢᠶᠡᠨ ᠳᠤ ᠪᠠᠶᠢᠯᠭᠠᠬᠤ ᠨᠢ ᠶᠠᠭᠤᠨ ᠠᠴᠠ ᠴᠦ ᠢᠯᠡᠭᠦᠦ ᠠᠰᠢᠭᠲᠠᠢ᠃      11. ᠵᠦᠪᠬᠡᠨ ᠨᠠᠰᠤᠲᠠᠶᠢᠴᠤᠳ ᠯᠡ ᠵᠢᠷᠦᠬᠡᠨ ᠡᠪᠡᠳᠴᠢᠨ ᠳᠤ  ᠨᠡᠷᠪᠡᠭᠳᠡᠳᠡᠭ ᠬᠡᠮᠡᠨ ᠪᠢᠲᠡᠭᠡᠢ ᠪᠣᠳᠣᠭᠠᠷᠠᠢ᠂ ᠬᠡᠳᠦᠶᠢᠪᠡᠷ ᠨᠠᠰᠤᠲᠠᠶᠢᠴᠤᠳ ᠤᠨ ᠨᠡᠷᠪᠡᠭᠳᠡᠬᠦ ᠲᠣᠬᠢᠶᠠᠯᠳᠤᠮᠵᠢ ᠶᠡᠭᠡ ᠪᠣᠯᠪᠠᠴᠤ 30 ~ 40 ᠨᠠᠰᠤᠨ ᠤ ᠬᠦᠮᠦᠰ ᠤᠨ ᠵᠢᠷᠦᠬᠡᠨ ᠪᠣᠯᠴᠢᠩ ᠤᠨ ᠪᠢᠲᠡᠭᠦᠷᠡᠯ ᠴᠦ ᠪᠠᠭ᠎ᠠ ᠪᠤᠰᠤ ᠪᠠᠶᠢᠳᠠᠭ᠃      12.ᠳᠡᠷᠭᠡᠲᠡᠬᠢ ᠬᠦᠮᠦᠨ ᠴᠢᠨᠢ ᠤᠬᠠᠭᠠᠨ ᠠᠯᠳᠠᠵᠤ᠂ ᠰᠤᠳᠠᠯ ᠤᠨ ᠯᠤᠭᠰᠢᠯᠲᠠ ᠪᠠ ᠠᠮᠢᠰᠬᠤᠯ ᠨᠢ ᠲᠠᠰᠤᠷᠠᠭᠰᠠᠨ ᠦᠶ᠎ᠡ ᠳᠤ᠂ ᠣᠷᠴᠢᠨ ᠲᠣᠭᠤᠷᠢᠨ ᠠᠮᠤᠷ ᠲᠦᠪᠰᠢᠨ ᠢ ᠪᠠᠲᠤᠯᠠᠭᠰᠠᠨ ᠤ ᠳᠠᠷᠠᠭ᠎ᠠ᠂ ᠳᠠᠷᠤᠢ ᠲᠦᠷᠭᠡᠨ ᠤᠲᠠᠰᠤᠳᠠᠵᠤ ᠠᠪᠤᠷᠠᠯᠲᠠ ᠬᠦᠰᠡᠬᠦ ᠬᠡᠷᠡᠭᠲᠡᠢ᠂ ᠳᠠᠷᠠᠭ᠎ᠠ ᠨᠢ ᠵᠢᠷᠦᠬᠡ ᠠᠭᠤᠰᠬᠢᠨ ᠤ ᠰᠡᠷᠭᠦᠭᠡᠯᠲᠡ ᠬᠢᠨ᠎ᠡ᠃ ᠬᠠᠮᠠᠷ ᠤᠨ ᠲᠣᠯᠢ ᠪᠠᠯᠴᠢᠷ ᠢ ᠳᠠᠷᠤᠬᠤ ᠪᠤᠶᠤ ᠵᠡᠭᠦᠦ ᠲᠥᠭᠡᠨᠡᠯᠭᠡ ᠨᠢ ᠳᠡᠮᠡᠢ ᠦᠢᠯᠡᠳᠦᠯ ᠭᠠᠷᠬᠤ ᠦᠭᠡᠢ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号