ᠰᠢᠨᠬᠤᠸᠠ ᠬᠤᠷᠢᠶ᠎ᠠ ᠂ ᠪᠡᠭᠡᠵᠢᠩ ᠂ 12 ᠰᠠᠷ᠎ᠠ ᠶᠢᠨ 10 ᠤ ᠴᠠᠬᠢᠯᠭᠠᠨ ᠮᠡᠳᠡᠭᠡ ᠂ 12 ᠰᠠᠷ᠎ᠠ ᠶᠢᠨ | 10 ᠤ ᠡᠳᠦᠷ ᠠᠴᠠ ᠡᠬᠢᠯᠡᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠠᠷᠠᠳ ᠤᠨ ᠰᠦᠯᠵᠢᠶ᠎ᠡ | ᠂ ᠰᠢᠨᠬᠤᠸᠠ ᠰᠦᠯᠵᠢᠶ᠎ᠡ ᠵᠡᠷᠭᠡ 25 ᠰᠦᠯᠵᠢᠶᠡᠨ ᠤ ᠲᠠᠪᠴᠠᠩ ᠵᠢᠴᠢ ᠡᠯ᠎ᠡ ᠭᠠᠵᠠᠷ ᠣᠷᠣᠨ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠰᠦᠯᠵᠢᠶ᠎ᠡ ᠲᠠᠢ ᠬᠠᠮᠲᠤᠷᠠᠨ 2020 ︽ᠪᠢ ᠶᠡᠷᠦᠩᠬᠡᠶ | ᠰᠠᠶᠢᠳ ᠲᠤ ᠦᠭᠡ ᠬᠡᠯᠡᠶ᠎ᠡ︾ ᠭᠡᠬᠦ ᠰᠦᠯᠵᠢᠶᠡᠴᠢᠳ ᠤᠨ ᠰᠠᠨᠠᠯ ᠰᠠᠨᠠᠭᠤᠯᠭ᠎ᠠ ᠬᠤᠷᠢᠶᠠᠬᠤ ᠠᠵᠢᠯᠯᠠᠭ᠎ᠠ ᠶᠢ | ᠥᠷᠨᠢᠭᠦᠯᠵᠦ᠂ ᠰᠦᠯᠵᠢᠶᠡᠴᠢᠳ ᠤᠨ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ | ᠃ ᠠᠵᠢᠯᠯᠠᠭ᠎ᠠ 2020 ᠣᠨ ᠤ ᠪᠥᠬᠦ ᠤᠯᠤᠰ ᠤᠨ ᠬᠤᠶᠠᠷ ᠬᠤᠷᠠᠯ ᠳᠠᠭᠤᠰᠬᠤ ᠪᠣᠯᠲᠠᠯ᠎ᠠ ᠦᠷᠭᠦᠯᠵᠢᠯᠡᠬᠦ ᠪᠣᠯᠤᠨ᠎ᠠ᠃ | | ᠲᠣᠰ ᠤᠳᠠᠭᠠᠨ ᠤ ᠠᠵᠢᠯᠯᠠᠭ᠎ᠠ ᠳᠤ ︽ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ︾᠂ ︽ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ︾᠂ ︽ᠠᠵᠢᠯ ᠣᠯᠬᠤ︾᠂ ︽ᠰᠤᠷᠭᠠᠨ ᠬᠥᠮᠦᠵᠢᠯ︾᠂ ︽ | ᠨᠠᠰᠤᠵᠢᠯ ᠤᠨ ᠠᠰᠠᠷᠠᠮᠵᠢ︾᠂ ︽ᠣᠷᠣᠯᠭ᠎ᠠ︾ ᠵᠡᠷᠭᠡ 20 ᠲᠥᠷᠥᠯ ᠤᠨ ᠰᠡᠳᠦᠪ ᠲᠣᠬᠢᠷᠠᠭᠤᠯᠵᠠᠢ᠃ ᠰᠦᠯᠵᠢᠶᠡᠨ | ᠢᠷᠭᠡᠳ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ | ᠦᠵᠦᠭᠦᠷ A p p ᠪᠣᠯᠤᠨ ᠵᠢᠵᠢᠭ ᠫᠷᠤᠭ᠍ᠷᠠᠮ ᠵᠢᠴᠢ ᠡᠯ᠎ᠡ ᠬᠤᠯᠪᠣᠭᠳᠠᠯ ᠪᠦᠬᠦᠢ ᠰᠦᠯᠵᠢᠶ᠎ᠡ ᠪᠣᠯᠤᠨ ᠲᠠᠪᠴᠠᠩ ᠳᠤ | ᠦᠭᠡ ᠦᠯᠡᠳᠡᠭᠡᠵᠦ ᠪᠣᠯᠤᠨ᠎ᠠ᠃ ᠯᠠᠪᠯᠠᠯᠲᠠ ᠶᠢᠨ ᠦᠨ᠎ᠡ ᠥᠷᠲᠡᠭ ᠲᠠᠢ ᠬᠡᠰᠡᠭ ᠰᠠᠨᠠᠭᠤᠯᠭ᠎ᠠ ᠶᠢ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠢ ᠲᠤᠭᠤᠷᠪᠢᠨ ᠪᠢᠴᠢᠬᠦ ᠨᠢᠭᠡᠴᠡ ᠳᠤ ᠳᠠᠮᠵᠢᠭᠤᠯᠤᠨ ᠬᠦᠷᠭᠡᠨ᠎ᠡ᠃ | ᠡᠨᠡ ᠪᠣᠯ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠵᠢᠷᠭᠤᠳᠤᠭᠠᠷ ᠵᠢᠯ ᠤᠨ ᠪᠥᠬᠦ | ᠤᠯᠤᠰ ᠤᠨ ᠬᠤᠶᠠᠷ ᠬᠤᠷᠠᠯ ᠠᠴᠠ ᠡᠮᠦᠨ᠎ᠡ ᠰᠦᠯᠵᠢᠶᠡᠨ ᠢᠷᠭᠡᠳ ᠤᠨ ᠰᠠᠨᠠᠯ ᠵᠥᠪᠯᠡᠯᠭᠡ ᠴᠤᠭᠯᠠᠭᠤᠯᠬᠤ ᠠᠵᠢᠯᠯᠠᠭ᠎ᠠ | ᠥᠷᠨᠢᠭᠦᠯᠵᠦ ᠪᠠᠶᠢᠭ᠎ᠠ ᠶᠠᠪᠤᠳᠠᠯ ᠪᠣᠯᠤᠨ᠎ᠠ᠃ ᠲᠦᠷᠦᠭᠦᠤ ᠵᠢᠯ ᠤᠨ ᠠᠵᠢᠯᠯᠠᠭ᠎ᠠ ᠳᠤᠮᠳᠠ᠂ ᠬᠤᠷᠢᠶᠠᠩᠭᠤᠶᠢᠯᠠᠨ | ᠡᠮᠬᠢᠳᠬᠡᠭᠰᠡᠨ ᠤ ᠳᠠᠷᠠᠭᠠᠬᠢ ᠰᠦᠯᠵᠢᠶᠡᠨ ᠢᠷᠭᠡᠳ ᠤᠨ ᠰᠠᠨᠠᠭᠤᠯᠭ᠎ᠠ ᠶᠢᠨ 90 % ᠠᠴᠠ ᠳᠡᠭᠡᠭᠰᠢᠬᠢ ᠨᠢ | ᠲᠤᠬᠠᠶ ᠶᠢᠨ ᠵᠢᠯ ᠤᠨ ︽ᠵᠠᠰᠠᠭ ᠤᠨ ᠣᠷᠳᠣᠨ ᠤ ᠠᠵᠢ᠊ᠯ ᠤᠨ ᠢᠯᠡᠳᠬᠡᠯ︾ ᠳᠤ ᠲᠤᠰᠬᠠᠭᠳᠠᠭᠰᠠᠨ ᠪᠠᠶᠢᠨ᠎ᠠ᠃ | | | |