11 ᠰᠠᠷ᠎ᠠ ᠶᠢᠨ 28 ᠤ ᠡᠳᠦᠷ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠ ᠯᠢ | ᠶᠦᠨ ᠪᠣᠳᠣᠯᠭ᠎ᠠ ᠶᠢᠨ ᠬᠢᠵᠠᠭᠠᠷᠲᠤ ᠺᠣᠮᠫᠠᠨᠢ ︽ᠣᠷᠣᠨ ᠪᠦᠰᠡ ᠶᠢᠨ ᠠᠵᠤ ᠦᠢᠯᠡᠳᠪᠦᠷᠢ ᠶᠢᠨ ᠢᠨᠲᠧᠷ | ᠰᠦᠯᠵᠢᠶᠡᠨ ᠤ ᠲᠠᠪᠴᠠᠩ︾ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ | ︽ᠪᠧᠢ ᠱᠢ ᠠᠵᠤ ᠦᠢᠯᠡᠳᠪᠦᠷᠢ ᠶᠢᠨ ᠢᠨᠲᠧᠷ ᠰᠦᠯᠵᠢᠶᠡᠨ ᠤ ᠲᠠᠪᠴᠠᠩ︾ ᠢ ᠬᠠᠮᠲᠤᠪᠠᠷ ᠴᠣᠭᠴᠠᠯᠠᠪᠠ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ | ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠠ ᠯᠢ ᠪᠠ ᠪᠠ ᠪᠦᠯᠦᠭᠯᠡᠯ᠂ᠠ ᠯᠢ ᠶᠦᠨ | ᠤᠶᠤᠨᠲᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠳᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠲᠠ ᠶᠢᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠵᠠᠰᠠᠭ ᠵᠠᠬᠢᠷᠭᠠᠨ | ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠳ ᠭᠠᠷ ᠤᠨ ᠦᠰᠦᠭ ᠵᠢᠷᠤᠬᠤ | ᠶᠣᠰᠣᠯᠠᠯ ᠳᠤ ᠣᠷᠣᠯᠴᠠᠵᠠᠶ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠠ ᠯᠢ ᠪᠠ ᠪᠠ ᠪᠦᠯᠦᠭᠯᠡᠯ ᠪᠣᠯᠤᠨ ᠠ ᠯᠢ ᠶᠦᠨ | ᠤᠶᠤᠨᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠠ ᠯᠢ ᠪᠠ ᠪᠠ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯ ᠪᠣᠯᠤᠨ ᠠ ᠯᠢ ᠶᠦᠨ ᠪᠣᠳᠣᠯᠭ᠎ᠠ ᠶᠢᠨ ᠬᠢᠵᠠᠭᠠᠷᠲᠤ ᠺᠣᠮᠫᠠᠨᠢ ᠮᠠᠨ ᠤ ᠬᠤᠲᠠ ᠯᠤᠭ᠎ᠠ | ᠬᠠᠮᠲᠤᠷᠠᠯᠴᠠᠭᠰᠠᠨ ᠪᠠᠶᠢᠳᠠᠯ ᠢ ᠲᠠᠨᠢᠯᠴᠠᠭᠤᠯᠵᠤ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ | ᠠ ᠯᠢ ᠶᠦᠨ ᠪᠣᠳᠣᠯᠭ᠎ᠠ ᠶᠢᠨ ᠬᠢᠵᠠᠭᠠᠷᠲᠤ ᠺᠣᠮᠫᠠᠨᠢ ︽ᠣᠷᠣᠨ ᠪᠦᠰᠡ ᠶᠢᠨ ᠠᠵᠤ ᠦᠢᠯᠡᠳᠪᠦᠷᠢ ᠶᠢᠨ ᠢᠨᠲᠧᠷ | ᠰᠦᠯᠵᠢᠶᠡᠨ ᠤ ᠲᠠᠪᠴᠠᠩ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠹᠧᠶ ᠱᠢ | ᠠᠵᠤ ᠦᠢᠯᠡᠳᠪᠦᠷᠢ ᠶᠢᠨ ᠢᠨᠲᠧᠷ ᠰᠦᠯᠵᠢᠶᠡᠨ ᠤ ᠺᠣᠮᠫᠠᠨᠢ ᠪᠣᠯᠤᠨ ᠤᠳᠠ ᠲᠣᠭᠤᠷᠢᠭ ᠤᠨ ᠠᠵᠤ ᠠᠬᠤᠶᠢᠯᠠᠯ ᠤᠨ | ᠲᠥᠯᠥᠭᠡᠯᠡᠭᠴᠢ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ | ᠠ ᠯᠢ ᠶᠦᠨ ᠪᠣᠳᠣᠯᠭ᠎ᠠ ᠶᠢᠨ ᠬᠢᠵᠠᠭᠠᠷᠲᠤ ᠺᠣᠮᠫᠠᠨᠢ ᠪᠣᠯ ᠪᠦᠬᠦ ᠳᠡᠯᠡᠬᠡᠢ ᠳᠤ ᠲᠡᠷᠢᠭᠦᠯᠡᠭᠰᠡᠨ ᠡᠭᠦᠯᠡᠨ | ᠪᠣᠳᠣᠯᠲᠠ ᠵᠢᠴᠢ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠣᠯᠤᠨ᠎ᠠ᠂ | ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠪᠠᠷ ᠠᠮᠤᠷ ᠲᠦᠪᠰᠢᠨ᠂ | ᠨᠠᠶᠢᠳᠠᠪᠦᠷᠢᠲᠠᠢ ᠪᠣᠳᠣᠯᠭ᠎ᠠ ᠪᠠ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢ ᠬᠠᠩᠭᠠᠬᠤ ᠪᠠᠷ ᠴᠢᠷᠮᠠᠶᠢᠵᠤ᠂ | ᠪᠣᠳᠣᠯᠭ᠎ᠠ ᠪᠠ ᠵᠣᠬᠢᠶᠠᠮᠠᠯ ᠣᠶᠤᠨ ᠴᠢᠳᠠᠪᠤᠷᠢ ᠶᠢ ᠰᠢᠨᠵᠢᠯᠡᠬᠦ ᠤᠬᠠᠭᠠᠨ ᠮᠡᠷᠭᠡᠵᠢᠯ ᠪᠣᠯᠭᠠᠨ᠎ᠠ᠃ ︽ᠹᠧᠶ ᠱᠢ ᠠᠵᠤ | ᠦᠢᠯᠡᠳᠪᠦᠷᠢ ᠶᠢᠨ ᠢᠨᠲᠧᠷ ᠰᠦᠯᠵᠢᠶ᠎ᠡ ᠶᠢᠨ ᠲᠠᠪᠴᠠᠩ︾ ᠢ ᠤᠳᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠪᠣᠯᠤᠨ ᠠ ᠯᠢ ᠶᠦᠨ ᠲᠣᠭᠠᠴᠠᠭ᠎ᠠ ᠬᠢᠬᠦ ᠬᠢᠵᠠᠭᠠᠷᠲᠤ ᠺᠣᠮᠫᠠᠨᠢ ᠬᠠᠮᠲᠤᠷᠠᠨ ᠪᠠᠶᠢᠭᠤᠯᠵᠦ᠂ ᠠ ᠯᠢ ᠶᠦᠨ | ᠲᠣᠭᠠᠴᠠᠭ᠎ᠠ ᠬᠢᠬᠦ ᠬᠢᠵᠠᠭᠠᠷᠲᠤ ᠺᠣᠮᠫᠠᠨᠢ ᠵᠢᠴᠢ ᠠᠮᠢ ᠠᠬᠤᠢ ᠶᠢᠨ ᠬᠠᠮᠲᠤᠷᠠᠯᠴᠠᠭᠠᠨ ᠤ ᠬᠠᠨᠢᠲᠠᠨ ᠤ ᠳᠠᠪᠠᠭᠤᠯᠢᠭ | ᠬᠦᠴᠦᠨ ᠢ ᠠᠰᠢᠭᠯᠠᠨ᠂ ᠡᠯ᠎ᠡ ᠲᠥᠷᠥᠯ ᠤᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ | ᠦᠢᠯᠡᠰ ᠤᠨ ᠰᠠᠭᠤᠷᠢ᠂ ᠠ ᠯᠢ ᠶᠦᠨ ᠪᠣᠯᠤᠨ ᠨᠡᠶᠢᠳᠡᠮ ᠬᠡᠷᠡᠭᠯᠡᠭᠡᠨ ᠤ ᠦᠢᠯᠡᠴᠢᠯᠡᠭᠡᠨ ᠤ ᠴᠢᠳᠠᠪᠤᠷᠢ ᠶᠢ | ᠲᠦᠷᠭᠡᠳᠬᠡᠨ ᠳᠡᠭᠡᠭᠰᠢᠯᠡᠭᠦᠯᠵᠦ᠂ ᠡᠴᠦᠰ ᠲᠡᠭᠡᠨ ᠤᠳᠠ ᠲᠣᠭᠤᠷᠢᠭ ᠲᠤ ᠨᠤᠲᠤᠭᠰᠢᠬᠤ᠂ ᠥᠪᠡᠷᠲᠡᠭᠡᠨ ᠵᠠᠰᠠᠬᠤ | ᠣᠷᠣᠨ ᠳᠤ ᠦᠢᠯᠡᠴᠢᠯᠡᠬᠦ᠂ ᠪᠠᠷᠠᠭᠤᠨ ᠬᠤᠶᠢᠲᠤ ᠣᠷᠣᠨ ᠢ ᠨᠥᠯᠥᠭᠡᠯᠡᠬᠦ ᠬᠠᠷᠠᠯᠲᠠ ᠶᠢ ᠪᠡᠶᠡᠯᠡᠭᠦᠯᠦᠨ᠎ᠡ᠃ | | |