ᠰᠤᠳᠤᠯᠭᠠᠨ ᠤ ᠬᠥᠮᠤᠰ ᠤᠨ ᠰᠤᠩᠭᠤᠭᠰᠠᠨ ᠲᠤᠭ᠎ᠠ ᠪᠠᠷᠢᠮᠳᠠ ᠨᠢ ᠺᠤᠷᠢᠶᠠ ᠶᠢᠨ ᠤᠯᠤᠰ ᠤᠨ ᠡᠷᠡᠬᠦᠯ | ᠮᠠᠨᠳᠤ ᠶᠢᠨ ᠲᠠᠭᠠᠳᠬᠠᠯ ᠤᠨ ᠰᠢᠰᠲ᠋ᠧᠮ ᠠᠴᠠ ᠢᠷᠠᠯᠳᠠ ᠲᠠᠢ᠂ ᠲᠡᠬᠦᠨ ᠳᠤ ᠨᠡᠶᠢᠳᠡ 24.8 ᠲᠦᠮᠡᠨ 40 | ᠨᠠᠰᠤᠨ ᠠᠴᠠ ᠲᠡᠭᠡᠭᠰᠢᠬᠢ ᠰᠠᠭᠤᠭᠠᠯᠢ ᠠᠷᠠᠳ ᠤᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠵᠠᠢ᠃ ᠰᠢᠳᠤᠨ ᠤ | ᠡᠮᠨᠡᠯᠭᠡ ᠶᠢᠨ ᠪᠠᠶᠢᠴᠠᠭᠠᠯᠳᠠ ᠶᠢᠨ ᠲᠤᠭ᠎ᠠ ᠪᠠᠷᠢᠮᠳᠠ ᠳᠤ ᠢᠯᠡᠷᠡᠬᠦᠯᠦᠭᠰᠡᠨ ᠢᠶᠠᠷ᠂ ᠡᠬᠦᠨ ᠤ ᠲᠤᠳᠤᠷᠡᠬᠢ 40. | 5% ᠶᠢᠨ ᠬᠥᠮᠤᠰ ᠰᠢᠳᠤ ᠪᠠᠨ ᠡᠳᠤᠷ ᠪᠦᠷᠢ ᠨᠠᠭᠠᠳᠤ ᠵᠠᠬ᠎ᠠ ᠳᠠᠭᠠᠨ 3 ᠤᠳᠠᠭ᠎ᠠ ᠱᠤᠸᠠᠰᠠᠳᠠᠵᠤ᠂ 44. | 8% ᠶᠢᠨ ᠬᠥᠮᠤᠰ ᠦᠷᠯᠤᠭᠡ ᠤᠷᠤᠢ ᠳᠠᠭᠠᠨ ᠰᠢᠳᠤ ᠪᠠᠨ ᠱᠤᠸᠠᠰᠠᠳᠠᠵᠤ᠂ 14.7% ᠶᠢᠨ ᠬᠥᠮᠤᠰ | ᠡᠳᠤᠷ ᠪᠦᠷᠢ ᠰᠢᠳᠤ ᠪᠠᠨ ᠨᠢᠭᠡ ᠤᠳᠠᠭ᠎ᠠ ᠴᠦ ᠱᠤᠸᠠᠰᠠᠳᠠᠬᠤ ᠦᠭᠡᠢ ᠪᠠᠶᠢᠳᠠᠭ︔ ᠡᠬᠦᠨ ᠠᠴᠠ ᠭᠠᠳᠠᠨ᠎ᠠ 25. | 9% ᠶᠢᠨ ᠬᠥᠮᠤᠰ ᠵᠢᠯ ᠪᠦᠷᠢ ᠰᠢᠳᠤ ᠪᠠᠨ ᠤᠬᠢᠶᠠᠬᠤ ᠲᠠᠳᠬᠠᠯ ᠲᠠᠢ ᠪᠠᠶᠢᠳᠠᠭ᠃ 9.5 ᠵᠢᠯ ᠤᠨ ᠰᠤᠳᠤᠯᠭᠠᠨ | ᠤ ᠲᠠᠭᠠᠨ ᠰᠤᠷᠪᠤᠯᠵᠢᠯᠠᠬᠤ ᠬᠤᠭᠤᠴᠠᠭᠠᠨ ᠳᠤ᠂ ᠵᠢᠷᠤᠭᠡᠨ ᠴᠢᠨᠠᠷᠳᠠᠢ ᠭᠡᠨᠡᠳᠳᠡ ᠶᠢᠨ ᠦᠬᠦᠯ᠂ ᠵᠢᠷᠤᠭᠡᠨ ᠤ | ᠪᠤᠯᠴᠢᠩ ᠪᠢᠳᠡᠬᠦᠷᠡᠨ ᠦᠬᠦᠵᠢᠬᠦ᠂ ᠰᠠ ᠲᠠᠭᠠᠷᠢᠬᠤ ᠪᠠ ᠵᠢᠷᠤᠭᠡᠨ ᠬᠥᠴᠤ ᠰᠤᠯᠠᠷᠠᠬᠤ ᠵᠡᠷᠭᠡ ᠶᠢ ᠪᠠᠭᠳᠠᠭᠠᠭᠰᠠᠨ | ᠵᠢᠷᠤᠭᠡ ᠴᠢᠰᠤᠨ ᠰᠤᠳᠡᠯ ᠤᠨ ᠬᠡᠷᠡᠭ ᠨᠡᠶᠢᠳᠡ 1.5 ᠲᠦᠮᠡ ᠡᠬᠦᠰᠦᠭᠰᠡᠨ ᠪᠠᠶᠢᠨ᠎ᠠ᠃ | ᠰᠤᠳᠤᠯᠭᠠᠨ ᠤ ᠳ᠋ᠦᠩ ᠳᠤ ᠢᠯᠡᠷᠡᠬᠦᠯᠦᠭᠰᠡᠨ ᠢᠶᠠᠷ᠂ ᠰᠢᠳᠤᠨ ᠲᠤᠭᠤᠷᠢᠨ ᠤ ᠡᠪᠡᠳᠴᠢᠨ ᠲᠠᠢ᠂ | ᠬᠤᠷᠤᠬᠠᠶᠢᠳᠤᠭᠰᠠᠨ ᠰᠢᠳᠤ ᠤᠯᠠᠨ ᠪᠤᠶᠤ ᠰᠢᠳᠤ ᠤᠯᠠᠨ ᠤᠨᠠᠬᠤ ᠬᠥᠮᠤᠨ ᠤ ᠵᠢᠷᠤᠭᠡ ᠴᠢᠰᠤᠨ ᠰᠤᠳᠠᠯ ᠨᠢ | ᠨᠡᠩ ᠠᠮᠠᠷᠬᠠᠨ ᠠᠰᠠᠭᠤᠳᠠᠯ ᠭᠠᠷᠤᠨ᠎ᠠ᠃ ᠰᠢᠳᠤ ᠪᠠᠨ ᠡᠳᠤᠷ ᠪᠦᠷᠢ ᠭᠤᠷᠪᠠ ᠤᠳᠠᠭ᠎ᠠ ᠱᠤᠸᠠᠰᠠᠳᠠᠪᠠᠯ᠂ ᠵᠢᠷᠤᠭᠡ | ᠴᠢᠰᠤᠨ ᠰᠤᠳᠡᠯ ᠤᠨ ᠠᠰᠠᠭᠤᠳᠠᠯ ᠭᠠᠷᠬᠤ ᠲᠦᠭᠰᠢᠬᠦᠷᠢ ᠶᠢ 9% ᠪᠠᠷ ᠪᠠᠭᠤᠷᠠᠭᠤᠯᠵᠤ ᠪᠤᠯᠤᠨ᠎ᠠ︔ ᠰᠢᠳᠤ ᠪᠠᠨ | ᠵᠢᠯ ᠪᠦᠷᠢ ᠨᠢᠭᠡ ᠤᠳᠠᠭ᠎ᠠ ᠤᠬᠢᠶᠠᠪᠠᠯ ᠲᠤᠰ ᠲᠦᠭᠰᠢᠬᠦᠷᠢ ᠶᠢ 14% ᠪᠠᠷ ᠪᠠᠭᠤᠷᠠᠭᠤᠯᠵᠤ ᠪᠤᠯᠤᠨ᠎ᠠ᠃ | ᠲᠤᠰᠬᠠᠢ ᠮᠡᠷᠭᠡᠵᠢᠯᠳᠡᠨ ᠵᠢᠭᠠᠵᠤ ᠭᠠᠷᠭᠠᠭᠰᠠᠨ ᠨᠢ᠂ ᠰᠢᠳᠤ ᠪᠠᠨ ᠤᠯᠠᠨ ᠱᠤᠸᠠᠰᠠᠳᠠᠬᠤ᠂ ᠰᠢᠳᠤ ᠪᠠᠨ ᠦᠷᠬᠦᠯᠵᠢ | ᠤᠬᠢᠶᠠᠬᠤ ᠪᠠᠷ ᠲᠡᠮᠵᠢᠭᠤᠯᠤᠨ ᠠᠮᠠᠨ ᠬᠥᠨᠳᠡᠢ ᠶᠢᠨ ᠡᠷᠡᠬᠦᠯ ᠬᠠᠮᠠᠭᠠᠯᠠᠯ ᠢ ᠰᠠᠶᠢᠵᠢᠷᠠᠭᠤᠯᠪᠠᠯ ᠠᠮᠠᠨ ᠬᠥᠨᠳᠡᠢ | ᠶᠢᠨ ᠤᠯᠠᠨ ᠠᠰᠠᠭᠤᠳᠠᠯ ᠢ ᠪᠠᠭᠠᠰᠬᠠᠵᠤ ᠪᠤᠯᠬᠤ ᠮᠦᠷᠳᠡᠭᠡᠨ ᠪᠠᠰᠠ ᠵᠢᠷᠤᠭᠡ ᠴᠢᠰᠤᠨ ᠰᠤᠳᠠᠯ ᠢ ᠬᠠᠮᠠᠭᠠᠯᠠᠬᠤ | ᠦᠢᠯᠡᠳᠤᠯ ᠭᠠᠷᠭᠠᠵᠤ ᠴᠢᠳᠠᠨ᠎ᠠ᠃ |