ᠤᠳᠠ ᠲᠣᠭᠤᠷᠢᠭ ᠪᠥᠬᠦ ᠲᠣᠭᠤᠷᠢᠭ ᠤᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠤᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2019-06-28
      ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠦᠬᠠᠶ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠯ᠎ᠡ ᠵᠤᠶᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠤᠳᠠ ᠲᠣᠭᠤᠷᠢᠭ 2019 ᠣᠨ 6 ᠳ᠋ᠤᠭᠠᠷ ᠰᠠᠷ᠎ᠠ ᠶᠢᠨ 24 ᠤ ᠡᠳᠦᠷ ᠪᠥᠬᠦ ᠲᠤᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠢ ᠬᠤᠷᠠᠯᠳᠤᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠬᠠᠮᠢᠶᠠᠷᠤᠯᠲᠠ ᠶᠢᠨ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠬᠦ ᠰᠤᠪᠠᠭ᠂ ᠭᠤᠤᠯ ᠤᠨ ᠵᠠᠮ ᠢ ᠪᠠᠶᠢᠴᠠᠭᠠᠬᠤ ᠪᠠ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠬᠤᠶᠠᠷ ᠲᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢᠶᠠᠨ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠬᠦ ᠭᠤᠤᠯ ᠤᠨ ᠵᠠᠮ ᠢ ᠵᠠᠰᠠᠬᠤ ᠠᠵᠢᠯ ᠤᠨ ᠡᠷᠴᠢᠮ ᠢᠶᠠᠨ ᠴᠢᠩᠭᠠᠳᠬᠠᠬᠤ ᠬᠡᠷᠡᠭᠲᠡᠶ ᠃ ᠭᠤᠷᠪᠠ ᠳᠤ ᠰᠠᠯᠠᠭ᠎ᠠ ᠮᠥᠴᠢᠷ ᠤᠨ ᠬᠤᠭᠤᠷᠤᠨᠳᠤᠬᠢ ᠵᠣᠬᠢᠴᠠᠭᠤᠯᠭ᠎ᠠ ᠪᠠ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢᠶᠠᠨ ᠴᠢᠩᠭᠠᠳᠬᠠᠵᠦ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ ᠵᠣᠬᠢᠴᠠᠭᠤᠯᠬᠤ ᠤᠶᠢᠯᠡᠳᠤᠯ ᠢ ᠦᠨᠡᠨᠬᠦ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ᠂ ᠡᠳ᠋ ᠪᠠᠷᠠᠭ᠎ᠠ ᠪᠣᠯᠤᠨ ᠠᠵᠢᠯᠲᠠᠨ ᠨᠥᠭᠡᠴᠡᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠳᠥᠷᠪᠡ ᠳᠤ ᠭᠤᠤᠯᠳᠠᠯᠭ᠎ᠠ ᠲᠠᠢ ᠤᠷᠤᠰᠢᠵᠦ ᠪᠠᠶᠢᠭ᠎ᠠ ᠳᠠᠯᠳᠠ ᠬᠡᠮ ᠪᠣᠯᠤᠨ ᠭᠤᠤᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠬᠤ ᠬᠡᠷᠡᠭᠲᠡᠶ ᠮᠦᠷᠲᠡᠭᠡᠨ ᠴᠡᠭᠴᠡᠯᠡᠨ ᠰᠠᠶᠢᠵᠢᠷᠠᠭᠤᠯᠵᠤ᠂ ᠰᠤᠬᠠᠶᠢᠲᠤ ᠭᠤᠤᠯ ᠤᠨ ᠦᠶᠡᠷ ᠢ ᠰᠡᠷᠭᠡᠶᠢᠯᠡᠬᠦ ᠭᠤᠤᠯ ᠤᠨ ᠵᠠᠮ ᠢ ᠡᠵᠡᠯᠡᠭᠰᠡᠨ ᠠᠰᠠᠭᠤᠳᠠᠯ ᠳᠤ ᠴᠢᠭᠯᠡᠭᠦᠯᠦᠨ᠂ ᠲᠤᠰᠬᠠᠶ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠤᠭᠲᠠᠭᠠᠬᠤ ᠬᠡᠷᠡᠭᠲᠠᠢ᠃ ᠲᠠᠪᠤ ᠳᠤ ᠨᠢᠳᠤᠨᠤᠨ ᠤ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠭᠰᠡᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠬᠠᠷᠢᠶ᠎ᠠ ᠤᠷᠤᠨ ᠳᠠᠬᠢ ᠦᠶᠡᠷ ᠤᠨ ᠭᠤᠤ ᠶᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠬᠦ ᠶᠢᠨ ᠬᠠᠮᠲᠤ᠂ ᠳᠡᠭᠡᠳᠦ ᠤᠷᠤᠰᠬᠠᠯ ᠤᠨ ᠠᠯᠠᠱᠠ ᠶᠢᠨ ᠨᠡᠭᠡᠭᠡᠯᠲᠡ ᠶᠢᠨ ᠣᠷᠣᠨ ᠲᠠᠢ ᠢᠳᠡᠪᠬᠢᠲᠡᠢ ᠵᠣᠯᠭᠠᠭᠤᠯᠵᠤ᠂ ᠬᠢᠯᠢ ᠠᠯᠤᠰᠯᠠᠨ ᠵᠢᠭᠰᠠᠭᠠᠨ ᠪᠠᠶᠢᠴᠠᠭᠠᠬᠤ ᠠᠵᠢᠯ ᠢᠶᠠᠨ ᠵᠣᠬᠢᠶᠠᠨ ᠪᠠᠶᠢᠭᠤᠯᠵᠤ᠂ ᠮᠠᠨ ᠤ ᠣᠷᠣᠨ ᠤ ᠦᠶᠡᠷᠯᠡᠬᠦ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃      ᠤᠳᠠ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠦ᠋ ᠬᠤᠩ ᠱᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠲᠣᠭᠤᠷᠢᠭ ᠤᠨ ᠳᠠᠷᠤᠭ᠎ᠠ ᠶᠠᠨ ᠸᠧᠨ ᠯᠦᠩ᠂ ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠲᠣᠰ ᠤᠳᠠᠭ᠎ᠠ ᠤ ᠬᠤᠷᠠᠯ ᠳᠤ ᠣᠷᠣᠯᠴᠠᠪᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号