ᠤᠳᠠ ᠲᠣᠭᠤᠷᠢᠭ ᠤᠨ ᠬᠠᠳᠤᠨ ᠭᠤᠤᠯ ᠤᠯᠠᠭᠠᠨ ᠨᠠᠭᠤᠷ ᠬᠡᠰᠡᠭ ᠤᠨ ᠡᠷᠬᠡ ᠢᠳᠡᠭᠳᠡᠭᠦᠯᠬᠦ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2019-07-10
      7 ᠰᠠᠷ᠎ᠠ ᠶᠢᠨ 1 ᠤ ᠡᠳᠦᠷ᠂ ᠤᠳᠠ ᠲᠣᠭᠤᠷᠢᠭ ᠤᠨ ᠬᠠᠳᠤᠨ ᠭᠤᠣᠯ ᠤᠨ ᠤᠯᠠᠭᠠᠨ ᠨᠠᠭᠤᠷ ᠤᠨ ᠬᠡᠰᠡᠭ ᠲᠤ ᠡᠷᠭᠢ ᠢᠳᠡᠭᠳᠡᠬᠦ ᠪᠠᠴᠢᠮ ᠪᠠᠶᠢᠳᠠᠯ ᠭᠠᠷᠤᠭᠰᠠᠨ ᠤ ᠳᠠᠷᠠᠭ᠎ᠠ᠂ ᠤᠳᠠ ᠲᠣᠭᠤᠷᠢᠭ ᠲᠡᠷᠡ ᠳᠠᠷᠤᠶ ᠳᠤᠨᠢ IV ᠲᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠭᠦᠯᠦᠨ ᠤᠳᠠ ᠲᠣᠭᠤᠷᠢᠭ ᠤᠨ ᠬᠠᠳᠤᠨ ᠭᠤᠣᠯ  ᠤᠨ ᠡᠷᠭᠢ ᠢᠳᠡᠭᠳᠡᠬᠦ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠭᠠᠵᠠᠷ ᠢ ᠵᠣᠬᠢᠶᠠᠨ ᠪᠠᠶᠢᠭᠤᠯᠵᠤ᠂ ᠠᠶᠤᠯ ᠠᠴᠠ ᠠᠪᠤᠷᠠᠬᠤ ᠠᠵᠢᠯ ᠢ ᠥᠷᠨᠢᠭᠦᠯᠪᠡ᠃        7 ᠰᠠᠷ᠎ᠠ ᠶᠢᠨ 5 ᠤ ᠡᠳᠦᠷ ᠤᠨ 12 ᠴᠠᠭ ᠪᠤᠯᠬᠤ ᠳᠤ᠂ ᠬᠠᠳᠤᠨ ᠭᠤᠤᠯ ᠤᠨ ᠡᠷᠬᠡ ᠢᠳᠡᠭᠳᠡᠭᠦᠯᠬᠦ ᠪᠠᠴᠢᠮ ᠪᠠᠶᠢᠳᠠᠯ ᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠡᠭᠦᠷᠭᠡ ᠳᠠᠭᠤᠰᠪᠠ᠃ ᠠᠶᠤᠯ ᠠᠴᠠ ᠠᠪᠤᠷᠠᠬᠤ ᠶᠠᠪᠤᠴᠠ ᠳᠤ ᠤᠳᠠ ᠲᠣᠭᠤᠷᠢᠭ ᠤᠨ ᠵᠠᠰᠠᠭ ᠤᠨ ᠣᠷᠳᠣᠨ ᠤᠬᠤᠭᠤᠷ ᠲᠡᠷᠭᠡ 27 ᠰᠠᠤᠷᠢ ᠂ ᠤᠬᠤᠭᠤᠷ ᠮᠠᠰᠢᠨ 48 ᠰᠠᠤᠷᠢ ᠬᠥᠳᠡᠯᠭᠡᠵᠦ᠂ ᠠᠭᠤᠷᠬᠠᠢ ᠶᠢᠨ ᠣᠷᠣᠨ ᠠᠴᠠ ᠴᠢᠯᠠᠭᠤ ᠲᠡᠭᠡᠭᠡᠭᠰᠡᠨ ᠲᠡᠷᠭᠡ 396 ᠰᠠᠤᠷᠢ ᠬᠥᠳᠡᠯᠭᠡᠵᠦ᠂ ᠲᠣᠨ ᠤ ᠤᠭᠤᠲᠠ 3980 ᠬᠡᠷᠡᠭᠯᠡᠨ᠂ ᠡᠷᠭᠢ ᠬᠠᠮᠠᠭᠠᠯᠠᠬᠤ ᠤᠷᠲᠤ ᠨᠢ ᠪᠠᠷᠤᠭ 500 ᠮᠧᠲᠷ ᠬᠦᠷᠴᠦ᠂ ᠬᠠᠮᠢᠶ᠎ᠠ ᠪᠦᠬᠦᠢ ᠨᠢᠭᠡᠴᠢ ᠶᠢᠨ 20 ᠭᠠᠷᠤᠶ ᠬᠥᠮᠦᠨ ᠬᠦᠳᠡᠯᠴᠡᠪᠡ᠃        ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠢᠨᠵᠧᠨᠧᠷᠢᠩ ᠳᠠᠭᠤᠰᠤᠭᠰᠠᠨ ᠤ ᠳᠠᠷᠠᠭ᠎ᠠ᠂ ᠤᠳᠠ ᠲᠣᠭᠤᠷᠢᠭ ᠲᠦᠷ ᠴᠠᠭ ᠤᠨ ᠡᠷᠭᠢ ᠬᠠᠮᠠᠭᠠᠯᠠᠬᠤ ᠢᠨᠵᠧᠨᠧᠷᠢᠩ ᠢ ᠦᠷᠭᠦᠯᠵᠢᠯᠡᠨ ᠵᠣᠬᠢᠶᠠᠨ ᠪᠠᠶᠢᠭᠤᠯᠵᠤ᠂ 7 ᠰᠠᠷ᠎ᠠ ᠶᠢᠨ 9 ᠤ ᠡᠳᠦᠷ ᠤᠨ 8 ᠴᠠᠭ ᠪᠣᠯᠲᠠᠯ᠎ᠠ᠂ ᠠᠶᠤᠯ ᠠᠴᠠ ᠠᠪᠤᠷᠠᠬᠤ ᠲᠣᠮᠣ ᠬᠡᠯᠪᠡᠷᠢ ᠶᠢᠨ ᠲᠤᠰᠬᠠᠶ ᠮᠧᠬᠠᠨᠢᠭ ᠢ ᠨᠡᠶᠢᠲᠡ 15 ᠰᠠᠤᠷᠢ ᠣᠷᠣᠭᠤᠯᠵᠤ᠂ ᠲᠣᠨ ᠤ ᠤᠭᠤᠲᠠ ᠶᠢ ᠪᠠᠷᠤᠭ 10500 ᠭᠠᠷᠤᠶ ᠬᠠᠶᠠᠵᠤ᠂ 1.58 ᠲᠦᠮᠡᠨ ᠪᠣᠰᠤᠭ᠎ᠠ ᠳᠥᠷᠪᠡᠯᠵᠢᠨ ᠮᠧᠲᠷ ᠰᠢᠷᠣᠶ ᠮᠠᠯᠲᠠᠵᠤ᠂ ᠡᠷᠭᠢ ᠬᠠᠮᠠᠭᠠᠯᠠᠭᠰᠠᠨ ᠤᠷᠳᠤ ᠨᠢ ᠪᠠᠷᠤᠭ 900 ᠮᠧᠲᠷ ᠬᠦᠷᠪᠡ᠃
 
ᠢᠷᠡᠯᠲᠡ᠄ ᠤᠳᠠ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号