ᠴᠢᠳᠠᠪᠤᠷᠢᠲᠠᠨ ᠪᠣᠯ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠂ | ᠴᠢᠳᠠᠪᠤᠷᠢᠲᠠᠨ ᠪᠣᠯ ᠨᠡᠶᠢᠭᠡᠮ ᠤᠨ ᠳᠠᠪᠰᠢᠯᠲᠠ ᠶᠢᠨ ᠵᠠᠩᠭᠢᠯᠠᠭ᠎ᠠ ᠶᠢᠨ ᠲᠦᠰᠢᠭ ᠲᠤᠯᠭᠠᠭᠤᠷᠢ ᠮᠥᠨ᠂ ᠴᠢᠳᠠᠪᠤᠷᠢᠲᠠᠨ | ᠪᠣᠯ ᠢᠷᠡᠭᠡᠳᠦᠶ ᠶᠢ ᠡᠵᠡᠮᠳᠡᠬᠦ ᠬᠥᠳᠡᠯᠭᠡᠭᠴᠢ ᠬᠦᠴᠦᠨ ᠤ ᠡᠬᠢ ᠪᠤᠯᠠᠭ ᠪᠤᠯᠬᠤ ᠶᠤᠮ᠃ ᠡᠨᠡ ᠵᠢᠯ ᠠᠴᠠ ᠨᠠᠰᠢ᠂ | ᠤᠳᠠ ᠲᠣᠭᠤᠷᠢᠭ ︽ᠲᠥᠷᠥ ᠶᠢᠨ ᠪᠣᠳᠣᠯᠭ᠎ᠠ ᠶᠢ ᠲᠡᠷᠢᠭᠦᠨ ᠳᠤ ᠲᠠᠯᠪᠢᠬᠤ᠂ ᠲᠣᠭᠲᠠᠴᠠ ᠶᠢᠨ ᠰᠢᠨ᠎ᠡ ᠶᠢ ᠡᠭᠦᠳᠬᠦ᠂ | ᠬᠥᠭᠵᠢᠯᠲᠡ ᠳᠤ ᠦᠢᠯᠡᠴᠢᠯᠡᠬᠦ︾ ᠴᠢᠳᠠᠪᠤᠷᠢᠲᠠᠨ ᠤ ᠬᠥᠭᠵᠢᠯᠲᠡ ᠶᠢᠨ ᠲᠣᠭᠲᠠᠴᠠ ᠶᠢ ᠪᠠᠷᠢᠮᠲᠠᠯᠠᠵᠤ᠂ ︽ᠦᠬᠠᠶ | ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠢᠳᠡᠪᠬᠢᠲᠡᠢ ᠨᠠᠶᠢᠳᠠᠪᠤᠷᠢᠵᠢᠭᠤᠯᠵᠤ᠂ ᠲᠡᠷᠢᠭᠦᠨ ᠤ ᠣᠶᠢᠯᠠᠭᠠᠭᠳᠠᠬᠤᠨ ᠢᠶᠠᠷ ᠬᠥᠮᠦᠨ ᠲᠠᠲᠠᠬᠤ᠂ ᠴᠢᠳᠠᠪᠤᠷᠢᠲᠠᠨ | ᠬᠥᠮᠦᠵᠢᠭᠦᠯᠬᠦ ᠪᠠ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ 4 ᠰᠠᠷ᠎ᠠ ᠶᠢᠨ 10 ᠤ | ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠢᠭᠡᠳᠦᠯᠲᠡᠶ ᠤᠳᠤᠷᠢᠳᠤᠯᠭ᠎ᠠ | ᠳᠣᠤᠷ᠎ᠠ᠂ ᠮᠠᠨ ᠤ ᠲᠤᠭᠤᠷᠢᠭ ︽ᠦᠵᠡᠰᠬᠦᠯᠡᠩᠲᠦ ᠦᠬᠠᠶ ᠣᠬᠢ ᠰᠣᠳᠣ ᠮᠡᠷᠭᠡᠨ ᠴᠢᠳᠠᠪᠤᠷᠢᠲᠠᠨ ᠬᠤᠷᠠᠨ | ᠴᠤᠭᠯᠠᠷᠠᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠤᠰᠬᠠᠢ ᠬᠦᠳᠡᠯᠭᠡᠭᠡᠨ︾ ᠦᠷᠨᠢᠭᠦᠯᠵᠦ᠂ ᠳᠤ ᠠᠵᠢᠯ ᠤᠨ ᠪᠠᠶᠢᠷᠢ ᠲᠣᠭᠲᠠᠭᠠᠭᠰᠠᠨ ᠥᠬᠡᠶ ᠠᠵᠢᠯ | ᠤᠶᠢᠯᠡᠰ ᠤᠨ ᠨᠢᠭᠡᠴᠢ ᠶᠢᠨ ᠠᠵᠢᠯᠴᠢᠨ 60 ᠬᠥᠮᠦᠨ ᠢ ᠤᠷᠢᠬᠤ ᠪᠠᠷ ᠪᠤᠯᠵᠤ᠂ ᠨᠡᠷ᠎ᠡ ᠮᠡᠳᠡᠭᠦᠯᠬᠦ᠂ ᠬᠢᠷᠢ ᠭᠡᠮ ᠤᠨ | ᠳᠠᠬᠢᠨ ᠬᠢᠨᠠᠯᠲᠠ ᠬᠢᠬᠦ᠂ ᠶᠡᠷᠦᠩᠬᠡᠶᠢᠯᠡᠭᠰᠡᠨ ᠴᠢᠳᠠᠪᠤᠷᠢ ᠶᠢᠨ ᠰᠢᠯᠭᠠᠯᠲᠠ᠂ ᠨᠢᠭᠤᠷᠳᠠᠨ ᠰᠢᠯᠭᠠᠯᠲᠠ᠂ ᠪᠡᠶ᠎ᠡ ᠶᠢᠨ | ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ ᠵᠡᠷᠭᠡ ᠠᠯᠬᠤᠮ ᠢᠶᠠᠷ ᠳᠠᠮᠵᠢᠨ ᠬᠠᠮᠤᠭ ᠡᠴᠦᠰ ᠲᠤ 58 | ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 7 ᠳ᠋ᠤᠭᠠᠷ ᠰᠠᠷ᠎ᠠ ᠶᠢᠨ 9 ᠤ ᠡᠳᠦᠷ ᠪᠤᠯᠬᠤ ᠳᠤ ᠪᠦᠭᠦᠳᠡ ᠠᠵᠢᠯ | ᠤᠨ ᠪᠠᠶᠢᠷᠢᠨ ᠳᠤ ᠨᠡᠷ᠎ᠡ ᠮᠡᠳᠡᠭᠦᠯᠦᠨ ᠳᠠᠭᠤᠰᠴᠤ᠂ ᠪᠥᠬᠦ ᠲᠤᠭᠤᠷᠢᠭ ᠤᠨ ᠪᠣᠯᠪᠠᠰᠤᠨ ᠬᠤᠲᠠ᠂ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠷᠢᠨ ᠳᠤ | ᠲᠤᠬᠢᠷᠠᠭᠤᠯᠤᠨ ᠳᠠᠪᠲᠠᠨ ᠪᠣᠯᠪᠠᠰᠤᠷᠠᠭᠤᠯᠬᠤ ᠪᠠᠷ ᠪᠤᠯᠪᠠ᠃ |