ᠪᠢᠨᠬᠠᠢ ᠵᠡᠭᠡᠯᠢ ᠭᠤᠳᠤᠮᠵᠢ ᠶᠢᠨ ᠳᠡᠭᠡᠷ᠎ᠡ ᠶᠠᠪᠤᠬᠤ ᠳᠤ᠂ ᠵᠠᠮ ᠤᠨ ᠬᠤᠶᠠᠷ ᠬᠠᠵᠠᠭᠤ ᠶᠢᠨ ᠶᠠᠪᠠᠭᠠᠨ ᠵᠡᠭᠡᠯᠢ | ᠳᠡᠭᠡᠷ᠎ᠡ ᠠᠵᠢᠯᠴᠢᠳ ᠬᠠᠲᠠᠭᠤᠷᠠᠭᠤᠯᠤᠨ ᠵᠠᠰᠠᠬᠤ ᠠᠵᠢᠯ ᠬᠢᠵᠦ ᠪᠠᠶᠢᠯ᠎ᠠ᠃ ᠡᠨᠡ ᠵᠢᠯ ᠤᠨ ᠬᠡᠷᠡᠭᠯᠡᠭᠰᠡᠨ ᠨᠢ ᠸᠠᠭᠠᠷ | ᠰᠢᠷᠣᠶ ᠪᠠᠷ ᠰᠢᠲᠠᠭᠠᠨ ᠪᠠᠷᠢᠯᠳᠤᠭᠤᠯᠤᠭᠰᠠᠨ ᠲᠣᠭᠤᠰᠬ᠎ᠠ ᠪᠠᠶᠢᠵᠤ᠂ ᠥᠩᠭᠡᠷᠡᠭᠡᠭᠰᠡᠨ ᠤ ᠱᠦᠢᠨᠢ ᠲᠠᠯᠬ᠎ᠠ ᠶᠢᠨ | ᠲᠣᠭᠤᠰᠬ᠎ᠠ ᠲᠠᠢ ᠠᠳᠠᠯᠢᠳᠬᠠᠪᠠᠯ᠂ ᠬᠥᠯᠳᠡᠬᠦ ᠠᠴᠠ ᠰᠡᠷᠭᠡᠶᠢᠯᠡᠬᠦ ᠴᠢᠨᠠᠷ᠂ ᠭᠡᠷᠡᠯ ᠤᠨ ᠪᠣᠬᠢᠷᠲᠤᠯ ᠠᠴᠠ ᠰᠡᠷᠭᠡᠶᠢᠯᠡᠬᠦ | ᠴᠢᠨᠠᠷ ᠲᠠᠢ ᠮᠥᠷᠲᠡᠭᠡᠨ ᠲᠣᠭᠤᠰᠬ᠎ᠠ ᠶᠢᠨ ᠬᠡᠢ ᠨᠡᠪᠲᠡᠷᠡᠬᠦ ᠴᠢᠨᠠᠷ᠂ ᠤᠰᠤ ᠨᠡᠪᠲᠡᠷᠡᠬᠦ ᠴᠢᠨᠠᠷ ᠨᠢ ᠴᠦ ᠨᠠᠩ ᠰᠠᠶᠢᠨ | ᠪᠠᠶᠢᠵᠤ᠂ ᠬᠡᠷᠡᠭᠯᠡᠬᠦ ᠬᠤᠭᠤᠴᠠᠭ᠎ᠠ ᠨᠢ ᠴᠦ ᠨᠠᠩ ᠤᠷᠲᠤ ᠪᠠᠶᠢᠳᠠᠭ᠃ | ᠡᠨᠡ ᠵᠢᠯ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ | ᠬᠤᠲᠠ ᠶᠢᠨ ᠳᠦᠷᠰᠦ ᠪᠠᠶᠢᠳᠠᠯ ᠢ ᠰᠢᠯᠢᠳᠡᠭᠵᠢᠭᠦᠯᠦᠨ᠂ ᠬᠤᠲᠠ ᠶᠢ ᠡᠭᠦᠳᠬᠦ ᠪᠠᠷᠢᠮᠵᠢᠶ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠬᠤᠲᠠ ᠡᠭᠦᠳᠬᠦ ᠠᠵᠢᠯ ᠤᠨ ᠠᠬᠢᠴᠠ ᠶᠢ ᠠᠬᠢᠭᠤᠯᠬᠤ ᠶᠢᠨ ᠲᠥᠯᠥᠭᠡ᠂ ᠤᠳᠠ | ᠲᠣᠭᠤᠷᠢᠭ ᠠᠴᠠ ᠬᠤᠲᠠ ᠲᠣᠭᠤᠷᠢᠭ ᠲᠠᠬᠢ ᠡᠯ᠎ᠡ ᠵᠡᠭᠡᠯᠢ ᠭᠤᠳᠤᠮᠵᠢ ᠳᠤ ᠰᠠᠭᠤᠷᠢ ᠲᠥᠬᠦᠭᠡᠷᠦᠮᠵᠢ ᠶᠢᠨ | ᠥᠭᠡᠷᠡᠴᠢᠯᠡᠯᠲᠡ ᠬᠢᠵᠦ᠂ ᠡᠭᠦᠨ ᠳᠤ ᠶᠠᠪᠠᠭᠠᠨ ᠬᠥᠮᠦᠨ ᠤ ᠵᠠᠮ 35.6 ᠲᠦᠮᠡᠨ ᠺᠦᠸᠠᠳ᠋ ᠮᠧᠲᠷ ᠬᠠᠲᠠᠭᠤᠷᠠᠭᠤᠯᠤᠨ | ᠳᠡᠪᠢᠰᠴᠦ᠂ 4.54 ᠲᠦᠮᠡᠨ ᠺᠦᠸᠠᠳ᠋ ᠮᠧᠲᠷ ᠵᠠᠮ ᠤᠨ ᠴᠢᠯᠠᠭᠤ ᠶᠢ ᠥᠭᠡᠷᠡᠴᠢᠯᠡᠨ ᠰᠣᠯᠢᠵᠤ᠂ 2.06 ᠲᠦᠮᠡᠨ | ᠺᠦᠸᠠᠳ᠋ ᠮᠧᠲᠷ ᠮᠠᠰᠢᠨ ᠲᠡᠷᠭᠡᠨ ᠤ ᠵᠠᠮ ᠢ ᠰᠢᠨ᠎ᠠ ᠪᠠᠷ ᠪᠦᠷᠬᠦᠵᠦ᠂ 1632 ᠺᠦᠸᠠᠳ᠋ ᠮᠧᠲᠷ ᠡᠪᠳᠡᠭᠳᠡᠭᠰᠡᠨ ᠵᠠᠮ ᠢ | ᠵᠠᠰᠠᠨ ᠰᠡᠯᠪᠢᠵᠦ᠂ 5337 ᠮᠧᠲᠷ ᠪᠣᠬᠢᠷ ᠤᠰᠤᠨ ᠤ ᠬᠤᠭᠤᠯᠠᠶ ᠶᠢ ᠥᠭᠡᠷᠡᠴᠢᠯᠡᠨ ᠵᠠᠰᠠᠪᠠ᠃ | ᠣᠳᠣᠬᠠᠨ ᠳᠤ᠂ ᠱᠧᠩ ᠯᠢ ᠪᠠᠷᠠᠭᠤᠨ ᠵᠡᠭᠡᠯᠢ᠂ ᠠᠷᠪᠠᠨ ᠬᠤᠶᠠᠳᠤᠭᠠᠷ ᠳᠤᠮᠳᠠ ᠰᠤᠷᠭᠠᠭᠤᠯᠢ ᠶᠢᠨ | ᠡᠮᠦᠨ᠎ᠡ ᠡᠭᠦᠳᠡ᠂ ᠵᠢᠩ ᠪᠥᠸᠧ ᠲᠣᠭᠤᠷᠢᠭ ᠤᠨ ᠡᠮᠦᠨ᠎ᠡ ᠡᠭᠦᠳᠡ᠂ ᠪᠢᠨᠬᠠᠢ ᠡᠬᠡ ᠨᠢᠯᠬᠠᠰ ᠤᠨ ᠡᠷᠡᠭᠡᠯᠵᠡᠯ ᠤᠨ | ᠬᠤᠷᠢᠶᠠᠨ ᠤ ᠬᠡᠰᠡᠭ ᠤᠨ ᠶᠠᠪᠠᠭᠠᠨ ᠬᠥᠮᠦᠨ ᠤ ᠵᠠᠮ ᠢ ᠬᠠᠲᠠᠭᠤᠷᠠᠭᠤᠯᠤᠨ ᠳᠡᠪᠢᠰᠬᠦ ᠠᠵᠢᠯ ᠨᠢᠭᠡᠨᠲᠡ ᠳᠠᠭᠤᠰᠴᠤ᠂ | 4.81 ᠲᠦᠮᠡᠨ ᠮᠤ᠋ ᠺᠦᠸᠠᠳ᠋ ᠮᠧᠲᠷ ᠵᠠᠮ ᠢ ᠬᠠᠲᠠᠭᠤᠷᠠᠭᠤᠯᠤᠨ ᠵᠠᠰᠠᠵᠤ᠂ ᠤᠳᠤ ᠶᠠᠭ ᠰᠠᠶᠢᠬᠠᠨ ᠪᠢᠨᠬᠠᠢ ᠵᠡᠭᠡᠯᠢ᠂ | ᠠᠶ ᠮᠢᠨ ᠵᠡᠭᠡᠯᠢ᠂ ᠰᠣᠶᠣᠯ ᠲᠠᠮᠢᠷ ᠤᠨ ᠵᠠᠮ᠂ ᠯᠢᠦ ᠶᠢᠨ ᠶᠡᠭᠡ ᠵᠠᠮ᠂ ᠲᠤᠸᠠᠨ ᠵᠢᠶᠧ ᠵᠡᠭᠡᠯᠢ᠂ ᠴᠡᠴᠡᠷᠯᠢᠭ ᠤᠨ ᠵᠠᠮ | ᠵᠡᠷᠭᠡ ᠬᠡᠰᠡᠭ ᠤᠨ ᠶᠠᠪᠠᠭᠠᠨ ᠬᠥᠮᠦᠨ ᠤ ᠵᠠᠮ ᠢ ᠬᠠᠲᠠᠭᠤᠷᠠᠭᠤᠯᠤᠨ ᠳᠡᠪᠢᠰᠬᠦ ᠠᠵᠢᠯ ᠢ ᠶᠠᠪᠤᠭᠳᠠᠭᠤᠯᠵᠤ᠂ ᠪᠦᠬᠦ | ᠢᠨᠵᠧᠨᠧᠷᠢᠩ ᠨᠢ ᠪᠠᠷᠤᠭ 2019 ᠣᠨ ᠤ ᠰᠡᠭᠦᠯᠴᠢ ᠳᠤ ᠬᠢᠵᠦ ᠳᠠᠭᠤᠰᠬᠠᠨ᠎ᠠ᠃ | ᠵᠠᠮ ᠢ ᠬᠠᠲᠠᠭᠤᠷᠠᠭᠤᠯᠤᠨ ᠳᠡᠪᠢᠰᠬᠦ ᠠᠵᠢᠯ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠤᠨ | ᠶᠠᠪᠤᠵᠤ ᠰᠠᠭᠤᠬᠤ ᠳᠤ ᠳᠥᠭᠦᠮ᠂ ᠠᠮᠢᠳᠤᠷᠠᠯ ᠤᠨ ᠣᠷᠴᠢᠨ ᠲᠣᠭᠤᠷᠢᠨ ᠴᠡᠪᠡᠷ ᠲᠡᠭᠰᠢ ᠪᠠᠶᠢᠬᠤ ᠶᠢ ᠦᠨᠡᠨ ᠬᠦ | ᠪᠠᠲᠤᠯᠠᠵᠤ᠂ ᠰᠠᠭᠤᠭᠠᠯᠢ ᠠᠷᠠᠳ ᠲᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠦᠷ᠎ᠡ ᠪᠦᠲᠦᠭᠡᠯ ᠢ ᠦᠨᠡᠨ ᠬᠦ | ᠡᠳ᠋ᠯᠡᠭᠦᠯᠦᠨ᠎ᠡ᠃ |