ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠳᠠ ᠲᠤᠭᠤᠷᠢᠭ  ᠤᠨ ᠠᠵᠤ ᠠᠬᠤᠶᠢᠯᠠᠯ ᠳᠤ ᠭᠦᠨᠵᠡᠭᠡᠶᠢᠷᠡᠨ᠂ ᠬᠢᠮᠢ ᠶᠢᠨ ᠠᠵᠤ ᠤᠶᠢᠯᠡᠳᠪᠦᠷᠢᠵᠢᠯᠲᠡ ᠶᠢᠨ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2019-07-17
       2019 ᠣᠨ 7 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠤᠶᠢᠯᠡᠳᠪᠤᠷᠢ ᠶᠢᠨ ᠲᠦᠯᠦᠪᠵᠢᠭᠦᠯᠭᠡ ᠶᠢᠨ ᠬᠦᠷᠢᠶᠡᠯᠡᠩ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠢ ᠤᠷᠢᠵᠤ᠂ ︽ᠥᠪᠥᠷ ᠮᠣᠩᠭᠤᠯ ᠤᠨ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠰ ᠳᠡᠪᠰᠢᠭᠦᠯᠬᠦ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠬᠤ ᠬᠠᠮᠢᠶ᠎ᠠ ᠪᠦᠬᠦᠢ ᠶᠠᠪᠤᠳᠠᠯ ᠤᠨ ᠲᠤᠬᠠᠶ᠂ ᠤᠳᠠ ᠲᠣᠭᠤᠷᠢᠭ ᠤᠨ ᠠᠵᠤ ᠠᠬᠤᠶᠢᠯᠠᠯ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠪᠡ᠃ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠮᠧᠢ ᠹᠠᠩ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ ᠵᠡᠷᠭᠡ ᠬᠤᠶᠠᠷ ᠠᠵᠤ ᠠᠬᠤᠶᠢᠯᠠᠯ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠰᠤᠯᠢᠯᠴᠠᠨ ᠶᠠᠷᠢᠯᠴᠠᠬᠤ ᠶᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠰᠡᠳᠬᠢᠴᠡ᠂ ᠠᠵᠢᠯ ᠲᠥᠷᠥᠯ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠤ ᠦᠢᠯᠡᠰ ᠤᠨ ᠲᠥᠯᠥᠪᠵᠢᠭᠦᠯᠪᠡ ᠵᠢᠴᠢ ᠭᠤᠤᠯᠳᠠᠯᠭ᠎ᠠ ᠲᠠᠢ ᠲᠥᠷᠥᠯ ᠵᠤᠶᠢᠯ ᠤᠨ ᠪᠠᠶᠢᠳᠠᠯ ᠳᠤ ᠭᠦᠨᠵᠡᠭᠡᠶ ᠰᠣᠯᠢᠯᠴᠠᠭ᠎ᠠ ᠬᠢᠵᠦ᠂ ᠤᠳᠠ ᠲᠣᠭᠤᠷᠢᠭ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠤᠶᠢᠯᠡᠰ ᠢ ᠴᠣᠭᠴᠠᠯᠠᠬᠤ ᠳᠤ ᠰᠠᠶᠢᠨ ᠰᠠᠶᠢᠬᠠᠨ ᠰᠠᠨᠠᠭᠤᠯᠭ᠎ᠠ ᠳᠤᠷᠠᠳᠴᠠᠶ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号