3 ᠠᠵᠤ ᠠᠬᠤᠶᠢᠯᠠᠯ 14.8 ᠲᠦᠮᠡᠨ ᠲᠥᠭᠦᠷᠢᠭ ᠪᠡᠯᠡ ᠭᠠᠷᠭᠠᠵᠤ ᠶᠠᠳᠠᠭᠤ ᠬᠦᠴᠢᠷᠳᠡᠯ ᠲᠠᠢ ᠰᠤᠷᠤᠭᠴᠢ ᠶᠢ ᠲᠡᠳᠬᠦᠪᠡ
ᠨᠡᠶᠢᠲᠡᠯᠡᠭᠰᠡᠨ ᠴᠠᠭ᠄
2019-07-22
       7 ᠰᠠᠷ᠎ᠠ ᠶᠢᠨ 19 ᠤ ᠡᠳᠦᠷ᠂ ᠤᠳᠠ ᠲᠣᠭᠤᠷᠢᠭ ᠤᠨ ᠠᠭᠤᠳᠠᠮ ᠲᠠᠯᠠᠪᠠᠢ ᠶᠢᠨ ᠣᠯᠠᠨ ᠲᠦᠮᠡᠨ ᠤ ᠰᠣᠶᠣᠯ ᠤᠷᠠᠯᠢᠭ ᠤᠨ ᠨᠠᠶᠢᠷ ᠢ ᠠᠰᠢᠭᠯᠠᠵᠤ᠂ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ  ᠤᠨ ᠵᠥᠪᠯᠡᠯ ᠠᠴᠠ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ᠂ ᠰᠢᠨ ᠰᠢᠨ ᠳ᠋ᠧ ᠶᠧᠦ᠂ ᠰᠢᠨ ᠢᠦᠶ ᠡᠳ᠋ ᠪᠠᠷᠠᠭ᠎ᠠ ᠶᠢᠨ ᠬᠦᠢᠯᠭᠡᠭᠡᠨ ᠵᠡᠷᠭᠡ 3 ᠠᠵᠤ ᠠᠬᠤᠶᠢᠯᠡᠯ ᠲᠠᠢ ᠬᠤᠯᠪᠣᠭᠠᠯᠠᠨ᠂ 176 ᠶᠠᠳᠠᠭᠤ ᠬᠦᠴᠢᠷᠳᠡᠯᠲᠡᠶ ᠰᠤᠷᠤᠭᠴᠢ ᠶᠢ 14.8 ᠲᠦᠮᠡᠨ ᠲᠥᠭᠦᠷᠢᠭ ᠢᠶᠠᠷ ᠲᠡᠳᠬᠦᠪᠡ᠃        ᠶᠠᠳᠠᠭᠤ ᠬᠦᠴᠢᠷᠳᠡᠯ ᠲᠠᠢ ᠰᠤᠷᠤᠭᠴᠢᠳ ᠢ ᠲᠡᠳᠬᠦᠨ ᠲᠤᠰᠠᠯᠠᠬᠤ ᠠᠵᠢᠯ ᠤᠨ ᠳᠤᠮᠳᠠ᠂ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ︽ᠢᠯᠡ ᠲᠣᠳᠣ᠂ ᠲᠥᠪ ᠭᠤᠤᠯᠴᠢ᠂ ᠲᠤᠳᠤᠷᠬᠠᠢ︾ ᠪᠠᠶᠢᠬᠤ ᠵᠠᠷᠴᠢᠮ ᠢ ᠪᠠᠷᠢᠮᠲᠠᠯᠠᠵᠤ᠂ ᠵᠢᠯ ᠤᠨ ᠡᠬᠢᠨ ᠠᠴᠠ ᠡᠬᠢᠯᠡᠨ᠂ ᠡᠯ᠎ᠡ ᠪᠠᠯᠭᠠᠰᠤ ᠪᠠ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ︽ᠲᠠᠪᠤᠨ ᠠᠬᠠᠮᠠᠳ︾ ᠬᠥᠮᠦᠰ ᠠᠴᠠ  ᠬᠠᠪᠰᠤᠷᠬᠤ ᠴᠢᠬᠤᠯᠠᠲᠠᠶ ᠶᠠᠳᠠᠭᠤ ᠬᠦᠴᠢᠷᠳᠡᠯ ᠲᠠᠢ ᠰᠤᠷᠤᠭᠴᠢᠳ ᠢ ᠤᠶᠢᠯᠭᠠᠨ ᠠᠪᠬᠤ ᠶᠢᠨ ᠬᠠᠮᠲᠤ ᠲᠡᠳᠬᠦᠨ ᠲᠤᠰᠠᠯᠠᠬᠤ ᠪᠠᠷ ᠪᠠᠶᠢᠭ᠎ᠠ  ᠰᠤᠷᠤᠭᠴᠢᠳ ᠢ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠪᠡ︔ ᠲᠤᠰᠠᠯᠠᠮᠵᠢ ᠶᠢᠨ ᠮᠥᠩᠭᠦ ᠶᠢ ᠠᠵᠤ ᠠᠬᠤᠶᠢᠯᠠᠯ ᠲᠤᠰᠠᠯᠠᠮᠵᠢ ᠬᠦᠯᠢᠶᠡᠨ ᠠᠪᠤᠭᠰᠠᠨ ᠰᠤᠷᠤᠭᠴᠢᠳ ᠤᠨ ᠭᠠᠷ ᠲᠤ ᠰᠢᠭᠤᠳ ᠬᠦᠷᠭᠡᠳᠡᠭ᠃        ᠣᠯᠠᠨ ᠵᠢᠯ ᠤᠨ ᠲᠤᠷᠰᠢ᠂ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ᠶᠠᠳᠠᠭᠤ ᠶᠢ ᠲᠡᠳᠬᠦᠵᠦ ᠰᠤᠷᠤᠯᠭ᠎ᠠ ᠶᠢ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠨᠥᠴᠢᠨ ᠵᠡᠮᠳᠡᠭ᠂ ᠥᠨᠥᠴᠢᠨ ᠥᠷᠥᠭᠡᠰᠦᠨ᠂ ᠭᠡᠷ ᠲᠡᠭᠡᠨ ᠬᠤᠴᠣᠷᠤᠭᠰᠠᠨ ᠬᠡᠤᠬᠡᠳ ᠵᠡᠷᠭᠡ ᠪᠠᠭᠤᠷᠠᠶ ᠬᠥᠮᠦᠰ ᠢ ᠬᠠᠯᠠᠮᠵᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠳᠡᠮᠵᠢᠯᠭᠡ ᠳᠣᠤᠷ᠎ᠠ᠂ ᠡᠯ᠎ᠡ ᠲᠥᠷᠥᠯ ᠤᠨ ᠪᠡᠯᠡ ᠮᠥᠩᠭᠦ 200 ᠲᠦᠮᠡᠨ ᠭᠠᠷᠤᠶ ᠲᠥᠭᠦᠷᠢᠭ ᠴᠤᠭᠯᠠᠭᠤᠯᠵᠤ᠂ 7540 ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠤᠬᠡᠳ ᠤᠨ ᠰᠤᠷᠭᠠᠭᠤᠯᠢ ᠳᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠪᠡ᠃ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠡᠨᠡ ᠬᠦ ᠠᠵᠢᠯ ᠨᠢ ᠪᠠᠰᠠ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ᠤᠨ ᠨᠠᠷᠠᠲᠤ ᠲᠡᠮᠳᠡᠭ ᠤᠨ ᠠᠵᠢᠯᠯᠠᠭ᠎ᠠ ᠪᠣᠯᠤᠭᠰᠠᠨ ᠪᠠᠶᠢᠨ᠎ᠠ᠃        ᠲᠤᠰ 3 ᠠᠵᠤ ᠠᠬᠤᠶᠢᠯᠠᠯ ᠤᠨ ᠳᠤᠮᠳᠠ᠂ ᠰᠢᠨ ᠰᠢᠨ ᠳ᠋ᠧ ᠶᠧᠦ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠨᠢ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ᠲᠠᠢ ᠣᠯᠠᠨ ᠵᠢᠯ ᠬᠠᠮᠲᠤᠷᠠᠨ ᠠᠵᠢᠯᠯᠠᠵᠤ᠂ ᠲᠡᠳᠡᠭᠡᠷ ᠤᠨ ᠲᠤᠰᠠᠯᠠᠮᠵᠢ ᠨᠢ ᠶᠡᠭᠡ ᠬᠡᠮᠵᠢᠶᠡᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠤᠬᠡᠳ ᠤᠨ ᠰᠤᠷᠭᠠᠭᠤᠯᠢ ᠳᠤ ᠣᠷᠣᠬᠤ ᠬᠦᠴᠢᠷᠳᠡᠯ ᠢ ᠰᠢᠢᠳᠪᠦᠷᠢᠯᠡᠪᠡ᠃ ᠡᠨᠡ ᠵᠢᠯ ᠪᠣᠯ ᠰᠢᠨ ᠢᠦᠶ ᠡᠳ᠋ ᠪᠠᠷᠠᠭ᠎ᠠ ᠶᠢᠨ ᠬᠦᠢᠯᠭᠡ ᠪᠣᠯᠤᠨ ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠠᠮᠲᠤᠷᠠᠯᠴᠠᠭ᠎ᠠ ᠪᠠᠶᠢᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠯᠢ ᠰᠢᠩ ᠶᠤᠸᠠᠨ᠄ ︽ᠵᠣᠭᠤᠰ ᠨᠢ ᠨᠡᠶᠢᠭᠡᠮ ᠠᠴᠠ ᠢᠷᠡᠭᠰᠡᠨ ᠪᠤᠯᠬᠤᠷ ᠨᠡᠶᠢᠭᠡᠮ ᠳᠤ ᠲᠠᠬᠢᠭᠠᠳ ᠪᠤᠴᠠᠭᠠᠬᠤ ᠬᠡᠷᠡᠭᠲᠡᠢ᠂ ᠪᠢ ᠡᠳᠡᠭᠡᠷ ᠬᠦᠴᠢᠷᠳᠡᠯᠲᠡᠶ ᠬᠡᠤᠬᠡᠳ ᠤᠳ ᠢ ᠬᠠᠪᠰᠤᠷᠬᠤ ᠳᠤᠷᠠᠲᠠᠢ᠂ ᠡᠨᠡ ᠨᠢ ᠮᠥᠨ ᠴᠦ ᠮᠢᠨᠦ ᠨᠡᠶᠢᠭᠡᠮ ᠤᠨ ᠬᠠᠷᠢᠭᠤᠴᠠᠯᠭ᠎ᠠ ᠪᠣᠯᠤᠨ᠎ᠠ᠃ ᠡᠭᠦᠨ ᠤ ᠳᠠᠭᠠᠤ᠂ ᠵᠣᠭᠤᠰ ᠢ ᠰᠢᠭᠤᠳ ᠬᠡᠤᠬᠡᠳ ᠤᠳ ᠲᠤ ᠦᠭᠬᠦ ᠨᠢ ᠢᠯᠡ ᠲᠤᠳᠤᠷᠬᠠᠢ ᠮᠦᠷᠲᠡᠭᠡᠨ ᠮᠠᠰᠢ ᠰᠠᠶᠢᠨ ᠠᠷᠭ᠎ᠠ ᠬᠡᠮᠵᠢᠶ᠎ᠡ ᠪᠤᠯᠵᠠᠢ︾ ᠭᠡᠪᠡ᠃          ᠲᠤᠰᠠᠯᠠᠮᠵᠢ ᠶᠢᠨ ᠲᠤᠬᠠᠶ ᠶᠢᠨ ᠲᠠᠯᠠᠪᠠᠢ ᠳᠤ᠂ ᠬᠥᠮᠦᠰ ᠢ ᠤᠷᠮᠠᠰᠢᠭᠤᠯᠤᠨ ᠳᠠᠪᠰᠢᠭᠤᠯᠬᠤ ᠫᠷᠤᠭ᠍ᠷᠠᠮ ᠪᠣᠯᠤᠨ ᠢᠳᠡᠪᠬᠢᠲᠡᠢ ᠥᠭᠡᠳᠡᠷᠬᠡᠭ ᠠᠭᠤᠷ ᠠᠮᠢᠰᠬᠤᠯ ᠨᠢ ᠦᠵᠡᠭᠴᠢᠳ ᠪᠣᠯᠤᠨ ᠲᠤᠰᠠᠯᠠᠮᠵᠢ ᠬᠦᠷᠲᠡᠭᠰᠡᠨ ᠬᠡᠤᠬᠡᠳ ᠢ ᠨᠥᠯᠥᠭᠡᠯᠡᠵᠦ ᠪᠠᠶᠢᠯ᠎ᠠ᠃ ᠨᠢᠭᠡᠨ ᠲᠤᠰᠠᠯᠠᠮᠵᠢ ᠬᠦᠷᠲᠡᠭᠰᠡᠨ ᠬᠡᠦᠬᠡᠳ ︽ᠪᠢ ᠴᠢᠷᠮᠠᠶᠢᠨ ᠰᠤᠷᠤᠯᠴᠠᠵᠤ᠂ ᠢᠳᠡᠪᠬᠢᠲᠡᠢ ᠤᠷᠤᠭᠰᠢᠯᠠᠨ ᠳᠠᠪᠰᠢᠵᠤ᠂ ᠥᠪᠡᠷ ᠤᠨ ᠰᠠᠶᠢᠨ ᠰᠠᠶᠢᠬᠠᠨ ᠢᠷᠡᠭᠡᠳᠦᠶ ᠪᠠᠨ ᠴᠣᠭᠴᠠᠯᠠᠵᠤ᠂ ᠨᠠᠩ ᠰᠠᠶᠢᠨ ᠨᠡᠶᠢᠭᠡᠮ ᠳᠤ ᠠᠴᠢ ᠬᠠᠷᠢᠭᠤᠯᠠᠵᠤ᠂ ᠤᠯᠤᠰ ᠣᠷᠣᠨ ᠳᠠᠭᠠᠨ ᠬᠦᠴᠦ ᠪᠠᠨ ᠡᠷᠭᠦᠨ᠎ᠡ︾ ᠭᠡᠵᠡᠶ᠃        ᠤᠳᠠ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠡᠬᠤ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ︽ᠢᠯᠠ ᠲᠣᠳᠣ᠂ ᠲᠥᠪ ᠭᠤᠤᠯᠴᠢ᠂ ᠲᠤᠳᠤᠷᠬᠠᠢ︾ ᠪᠠᠶᠢᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠠᠯᠠᠮᠵᠢ ᠶᠢᠨ ᠠᠵᠤ ᠠᠬᠤᠶᠢᠯᠠᠯ᠂ ᠬᠠᠯᠠᠮᠵᠢ ᠶᠢᠨ ᠬᠥᠮᠦᠰ ᠪᠣᠯᠤᠨ ᠶᠠᠳᠠᠭᠤ ᠬᠦᠴᠢᠷᠳᠡᠯᠲᠡᠶ ᠰᠤᠷᠤᠭᠴᠢᠳ ᠤᠨ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠬᠥᠭᠦᠷᠭᠡ ᠬᠤᠯᠪᠣᠭᠠᠰᠤ ᠶᠢ ᠰᠠᠶᠢᠲᠤᠷ ᠬᠢᠬᠦ ᠶᠢᠨ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠤᠷᠢᠶᠠᠯᠠᠭ᠎ᠠ ᠭᠠᠷᠭᠠᠵᠤ᠂ ᠨᠠᠩ ᠣᠯᠠᠨ ᠠᠵᠤ ᠠᠬᠤᠶᠢᠯᠠᠯ᠂ ᠬᠥᠮᠦᠰ ᠤᠨ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠡᠩᠨᠡᠭᠡ ᠳᠤ ᠣᠷᠣᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃  
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号