ᠤᠳᠠ ᠲᠣᠭᠤᠷᠢᠭ ︽ᠭᠤᠷᠪᠠᠨ ᠶᠢ ᠴᠢᠬᠤᠯᠠᠴᠢᠯᠠᠬᠤ︾ ᠶᠢ ᠰᠠᠶᠢᠲᠤᠷ ᠠᠳᠬᠤᠵᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠪᠠ
ᠨᠡᠶᠢᠲᠡᠯᠡᠭᠰᠡᠨ ᠴᠠᠭ᠄
2019-07-22
       ᠡᠨᠡ ᠵᠢᠯ ᠠᠴᠠ ᠨᠠᠰᠢ᠂ ᠤᠳᠠ ᠲᠣᠭᠤᠷᠢᠭ ︽ᠦᠨᠡᠨᠴᠢ ᠰᠢᠳᠤᠷᠭᠤ᠂ ᠲᠥᠪ ᠭᠤᠤᠯᠴᠢ᠂ ᠰᠢᠨ᠎ᠡ ᠶᠢ ᠡᠭᠦᠳᠬᠦ᠂ ᠭᠠᠷᠮᠠᠭᠠᠶ︾ ᠪᠠᠷ  ᠬᠠᠷᠠᠯᠲᠠ ᠪᠣᠯᠭᠠᠵᠤ᠂ ︽ᠭᠤᠷᠪᠠ ᠶᠢ ᠴᠢᠬᠤᠯᠠᠴᠢᠯᠠᠬᠤ︾ ᠪᠠᠷ ᠳᠠᠮᠵᠢᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠪᠠ᠃          ᠨᠢᠭᠡ ᠳᠤ ᠣᠨᠣᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠬᠤᠯᠠᠴᠢᠯᠠᠵᠤ᠂ ᠤᠯᠤᠰ ᠲᠥᠷᠦ ᠶᠢᠨ ᠣᠨᠣᠯ ᠤᠨ ᠰᠤᠷᠤᠯᠴᠠᠯᠭ᠎ᠠ ᠶᠢ ᠲᠡᠷᠢᠭᠦᠨ ᠴᠢᠬᠤᠯᠠ ᠬᠦᠴᠦᠨ ᠵᠤᠶᠢᠯ ᠪᠣᠯᠭᠠᠪᠠ᠃ ᠪᠠᠶᠢᠭᠤᠯᠭ᠎ᠠ ᠶᠢᠨ ᠨᠠᠮ ᠤᠨ ᠡᠭᠦᠷ ᠤᠨ ᠭᠤᠤᠯ ᠵᠢᠭᠰᠠᠭᠠᠯ ᠤᠨ ᠭᠠᠵᠠᠷ ᠤᠨ ᠤᠶᠢᠯᠡᠳᠤᠯ ᠢ ᠭᠦᠢᠴᠡᠳ ᠪᠠᠳᠠᠷᠠᠭᠤᠯᠵᠤ᠂ ︽ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠡᠯᠡᠳᠬᠡᠯ ᠠᠵᠢᠯᠯᠠᠭ᠎ᠠ ᠶᠢ ᠥᠷᠨᠢᠭᠦᠯᠵᠦ᠂ ᠨᠠᠮ ᠤᠨ ᠡᠭᠦᠷ ᠤᠨ ︽ᠭᠤᠤᠯ ᠰᠡᠳᠦᠪᠲᠦ ᠨᠠᠮ ᠤᠨ ᠡᠳᠦᠷ︾᠂ ᠨᠠᠮ ᠤᠨ ᠭᠡᠰᠢᠭᠦᠨ ᠤ ᠶᠡᠭᠡ ᠬᠤᠷᠠᠯ᠂ ︽ᠳᠣᠯᠣᠭᠠᠨ ᠰᠠᠷ᠎ᠠ ᠶᠢᠨ ᠨᠢᠭᠡᠨ︾ ᠤ ᠰᠢᠷᠢᠰ ᠭᠤᠤᠯ ᠰᠡᠳᠦᠪ ᠵᠡᠷᠭᠡ ᠠᠵᠢᠯᠯᠠᠭ᠎ᠠ ᠪᠠᠷ ᠳᠠᠮᠵᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠤᠨᠤᠯ ᠤᠨ  ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠶᠠᠷ ᠲᠤ᠂ ᠣᠯᠠᠨ ᠶᠠᠩᠵᠤᠲᠤ ᠰᠤᠷᠤᠯᠴᠠᠬᠤ ᠵᠠᠭᠪᠤᠷ ᠢ ᠴᠢᠬᠤᠯᠠᠴᠢᠯᠠᠵᠤ᠂ ᠰᠤᠷᠤᠯᠴᠠᠬᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠᠷ ᠭᠤᠤᠯ ᠠᠵᠢᠯ ᠢᠶᠠᠨ ᠪᠤᠯᠭᠠᠪᠠ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠦᠯᠵᠢᠶᠡᠨ ᠤ ᠰᠤᠷᠤᠯᠴᠠᠬᠤ ᠲᠠᠪᠴᠠᠩ ᠪᠠ ︽ᠬᠠᠤᠯᠢ ᠴᠠᠭᠠᠵᠠ ᠶᠢᠨ ᠤᠬᠠᠭᠤᠯᠭ᠎ᠠ ︾ ᠶᠢᠨ ᠰᠦᠯᠵᠢᠶᠡᠨ ᠤ ᠮᠡᠳᠡᠯᠭᠡ ᠰᠤᠷᠤᠯᠴᠠᠬᠤ ᠲᠠᠪᠴᠠᠩ ᠳᠤ ᠲᠦᠰᠢᠭᠯᠡᠨ᠂ ᠥᠷᠢᠰᠥᠯᠳᠦᠭᠡᠨ ᠤ ᠰᠡᠳᠦᠪ ᠬᠠᠷᠢᠭᠤᠯᠬᠤ᠂ ᠲᠤᠰᠬᠠᠶ ᠰᠡᠳᠦᠪ ᠬᠠᠷᠢᠭᠤᠯᠬᠤ᠂ ᠭᠠᠷᠠᠭ ᠪᠦᠷᠢ ᠰᠡᠳᠦᠪ ᠬᠠᠷᠢᠭᠤᠯᠬᠤ ᠵᠡᠷᠭᠡ ᠤᠯᠠᠨ ᠵᠤᠶᠢᠯ ᠤᠨ ᠰᠡᠳᠦᠪ ᠬᠠᠷᠢᠭᠤᠯᠬᠤ ᠠᠷᠭ᠎ᠠ ᠮᠠᠶ᠋ᠢᠭ ᠢ ᠬᠡᠷᠡᠭᠯᠡᠵᠦ᠂ ︽ᠨᠠᠮ ᠤᠨ ᠡᠭᠦᠷ + ᠰᠢᠯᠭᠠᠯᠲᠠ︾ ᠶᠢᠨ ᠰᠤᠷᠤᠯᠴᠠᠯᠭ᠎ᠠ ᠶᠢᠨ ᠳᠠᠷᠠᠭᠠᠬᠢ ᠳᠡᠭᠡᠭᠰᠢᠯᠡᠭᠦᠯᠬᠦ ᠠᠵᠢᠯᠯᠠᠭ᠎ᠠ ᠶᠢ ᠬᠠᠶᠢᠨ ᠰᠦᠪᠡᠭᠴᠢᠯᠡᠵᠦ᠂ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃ ᠭᠤᠷᠪᠠ ᠳᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠩᠭ᠎ᠠ ᠠᠳᠬᠤᠪᠠ᠃ ᠨᠢᠭᠤᠴᠠ ᠶᠢ ᠬᠠᠮᠠᠭᠠᠯᠠᠬᠤ ᠠᠵᠢᠯ ᠤᠨ ᠳᠦᠷᠢᠮ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠭᠲᠠᠴᠠ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ  ᠪᠠᠷᠢᠮᠵᠢᠶ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠵᠤ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠳᠦᠷᠢᠮ ᠲᠣᠭᠲᠠᠭᠠᠯ ᠤᠨ ᠡᠮᠬᠢᠳᠬᠡᠯ ︵ᠬᠤᠶᠠᠷ︶ ᠢ ᠲᠣᠭᠲᠠᠭᠠᠵᠤ᠂ 25 ᠵᠤᠶᠢᠯ ᠤᠨ ᠳᠦᠷᠢᠮ ᠲᠣᠭᠲᠠᠭᠠᠯ ᠢ ᠲᠣᠳᠣᠷᠬᠠᠶᠢᠯᠠᠵᠤ᠂ ᠳᠦᠷᠢᠮ ᠢ ᠬᠠᠶᠠᠭᠠᠨ  ᠳᠤ ᠡᠯᠭᠦᠬᠦ᠂ ᠤᠭ ᠵᠣᠬᠢᠶᠠᠯ ᠢ ᠳᠠᠮᠵᠢᠭᠤᠯᠬᠤ᠂ ᠭᠠᠷ ᠳᠡᠪᠲᠡᠷ ᠳᠠᠷᠤᠮᠠᠯᠯᠠᠨ ᠲᠠᠷᠬᠠᠭᠠᠬᠤ ᠵᠡᠷᠭᠡ ᠣᠯᠠᠨ ᠵᠤᠶᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠺᠠᠳ᠋ᠷ ᠠᠵᠢᠯᠴᠢᠨ ᠤ ᠡᠯ᠎ᠡ ᠵᠤᠶᠢᠯ ᠤᠨ ᠳᠦᠷᠢᠮ ᠤᠨ ᠱᠠᠭᠠᠷᠳᠠᠯᠭ᠎ᠠ ᠶᠢ ᠵᠢᠷᠤᠮᠯᠠᠬᠤ ᠶᠠᠪᠤᠳᠠᠯ ᠢ ᠤᠯᠠᠮ ᠨᠢᠭᠡ ᠠᠯᠬᠤᠮ ᠵᠢᠷᠤᠮᠵᠢᠭᠤᠯᠪᠠ᠃
 
ᠢᠷᠡᠯᠲᠡ᠄ ᠤᠳᠠ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号