【ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠢᠷᠮᠠᠶᠢᠨ ᠴᠣᠭᠴᠠᠯᠠᠶ᠎ᠠ 】᠄ ᠬᠤᠭᠤᠰᠣᠨ ᠭᠠᠵᠠᠷ ᠠᠭᠤᠳᠠᠮ ᠲᠠᠯᠠᠪᠠᠢ ᠪᠤᠯᠬᠤ᠄ ᠪᠣᠳᠠᠲᠤ ᠶᠠᠪᠤᠳᠠᠯ ᠢ ᠠᠷᠠᠳ ᠣᠯᠠᠨ ᠤ ᠰᠡᠳᠬᠢᠯ ᠤᠨ ᠭᠦᠨ ᠳᠤ ᠪᠡᠶᠡᠯᠡᠭᠦᠯᠦᠶ᠎ᠡ — ︽ᠬᠤᠶᠠᠷ ᠬᠤᠲᠠ ᠶᠢ ᠬᠤᠯᠪᠣᠭᠠᠯᠠᠨ ᠴᠣᠭᠴᠠᠯᠠᠬᠤ︾ ᠨᠢ ᠰᠢᠨ᠎ᠡ ᠬᠤᠪᠢᠷᠠᠯᠲᠠ ᠲᠠᠢ ᠪᠤᠯᠪᠠ
ᠨᠡᠶᠢᠲᠡᠯᠡᠭᠰᠡᠨ ᠴᠠᠭ᠄
2019-07-23
       ︽ᠬᠤᠲᠠ ᠶᠢ ᠴᠣᠭᠴᠠᠯᠠᠬᠤ︾ ᠠᠵᠢᠯ ᠳᠤᠮᠳᠠ᠂ ᠤᠳᠠ ᠲᠣᠭᠤᠷᠢᠭ ᠨᠢ ᠲᠡᠭᠰᠢ ᠪᠠᠶᠢᠰᠢᠩ ᠤᠨ ᠲᠣᠭᠤᠷᠢᠭ ᠢ ᠥᠭᠡᠷᠡᠴᠢᠯᠡᠨ ᠵᠠᠰᠠᠬᠤ᠂ ᠠᠰᠠᠷ ᠪᠠᠶᠢᠰᠢᠩ ᠤᠨ ᠲᠣᠭᠤᠷᠢᠭ ᠢ ᠴᠡᠭᠴᠡᠯᠡᠨ ᠵᠠᠰᠠᠬᠤ ᠳᠤᠮᠳᠠ ᠢᠯᠡᠷᠡᠭᠰᠡᠨ ᠬᠡᠰᠡᠭ ᠬᠤᠭᠤᠰᠣᠨ ᠭᠠᠵᠠᠷ ᠢ ᠠᠭᠤᠳᠠᠮ ᠲᠠᠯᠠᠪᠠᠢ ᠪᠣᠯᠭᠠᠨ ᠪᠦᠲᠦᠭᠡᠨ ᠪᠠᠶᠢᠭᠤᠯᠵᠤ᠂ ᠰᠠᠭᠤᠭᠠᠯᠢ ᠠᠷᠠᠳ ᠲᠤ ᠵᠤᠭ᠎ᠠ ᠴᠡᠩᠭᠡᠯ ᠤᠨ ᠭᠠᠵᠠᠷ ᠬᠠᠩᠭᠠᠵᠠᠶ᠃ ᠣᠳᠣ ᠪᠣᠯᠲᠠᠯ᠎ᠠ᠂ ᠤᠳᠠ ᠲᠣᠭᠤᠷᠢᠭ ᠤᠨ ᠵᠠᠰᠠᠨ ᠪᠠᠶᠢᠭᠤᠯᠵᠤ ᠪᠠᠶᠢᠭ᠎ᠠ ᠪᠠᠭ᠎ᠠ ᠲᠠᠯᠠᠪᠠᠢ 5 ᠪᠠᠶᠢᠵᠤ᠂ ᠨᠢᠭᠡᠨᠲᠡ 8 ᠶᠢ ᠨᠢ ᠪᠠᠶᠢᠭᠤᠯᠵᠤ ᠳᠠᠭᠤᠰᠬᠠᠪᠠ᠃ ᠰᠠᠭᠤᠭᠠᠯᠢ ᠠᠷᠠᠳ ᠤᠨ ᠲᠣᠭᠤᠷᠢᠭ ᠲᠤ ᠲᠠᠷᠬᠠᠭᠰᠠᠨ ᠡᠳᠡᠭᠡᠷ ᠠᠭᠤᠳᠠᠮ ᠲᠠᠯᠠᠪᠠᠢ ᠨᠢ ᠤᠳᠠ ᠲᠣᠭᠤᠷᠢᠭ ᠤᠨ ᠬᠤᠲᠠ ᠶᠢᠨ ᠣᠯᠠᠨ ᠨᠡᠶᠢᠲᠡ ᠶᠢᠨ ᠣᠷᠣᠨ ᠵᠠᠶ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠬᠠᠷᠢᠶᠠᠯᠠᠭᠳᠠᠬᠤ ᠰᠡᠳᠬᠢᠯᠭᠡ᠂ ᠮᠡᠳᠡᠷᠡᠬᠦ ᠰᠡᠳᠬᠢᠯᠭᠡ ᠵᠢᠴᠢ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠢ ᠳᠡᠭᠡᠭᠰᠢᠯᠡᠭᠦᠯᠵᠡᠶ᠃
 
ᠢᠷᠡᠯᠲᠡ᠄ ᠤᠳᠠ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号