7 ᠰᠠᠷ᠎ᠠ ᠶᠢᠨ 23 ᠤ ᠡᠳᠦᠷ᠂ ᠦᠬᠠᠶ ᠬᠤᠲᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠪᠠ ᠤᠳᠠ | ᠲᠤᠭᠤᠷᠢᠭ ᠤᠨ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠵᠤᠨ ᠤ ᠠᠮᠠᠷᠠᠯᠲᠠ ᠶᠢᠨ | ᠨᠡᠶᠢᠭᠡᠮ ᠤᠨ ᠦᠢᠯᠡᠳᠤᠯᠭᠡ ᠶᠢᠨ ᠬᠦᠳᠡᠯᠭᠡᠭᠡᠨ ᠤ ᠶᠣᠰᠣᠯᠠᠯ ᠢ ᠡᠬᠢᠯᠡᠭᠦᠯᠬᠦ ᠶᠢᠨ ᠬᠠᠮᠲᠤ᠂ ᠰᠢᠨᠳᠠ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠤᠷᠤᠭᠴᠢᠳ ᠤᠨ ᠠᠮᠢᠳᠤᠷᠠᠯ ᠤᠨ ᠲᠥᠯᠥᠪᠵᠢᠭᠦᠯᠭᠡ ᠬᠢᠬᠦ | ᠨᠡᠶᠢᠭᠡᠮ ᠤᠨ ᠦᠢᠯᠡᠳᠤᠯᠭᠡ ᠶᠢᠨ ᠰᠠᠭᠤᠷᠢᠨ ᠭᠠᠵᠠᠷ ᠤᠨ ᠫᠠᠶᠢᠰᠠ ᠶᠢ ᠣᠯᠭᠤᠪᠠ᠃ | ᠣᠳᠣᠬᠠᠨ ᠳᠤ ᠵᠤᠨ ᠤ ᠠᠮᠠᠷᠠᠯᠲᠠ ᠶᠢᠨ ᠠᠮᠢᠳᠤᠷᠠᠯ ᠨᠢᠭᠡᠨᠲᠡ ᠡᠬᠢᠯᠡᠵᠦ᠂ ᠥᠷᠭᠡᠨ ᠣᠯᠠᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠶᠢᠨ ︽ᠵᠢᠵᠢᠭ ᠬᠢᠴᠢᠶᠡᠯ ᠤᠨ ᠲᠠᠩᠬᠢᠮ︾ ᠠᠴᠠ ᠰᠠᠯᠵᠤ᠂ | ᠨᠡᠶᠢᠭᠡᠮ ᠤᠨ ︽ᠲᠣᠮᠣ ᠬᠢᠴᠢᠶᠡᠯ ᠤᠨ ᠲᠠᠩᠬᠢᠮ︾ ᠳᠤ ᠤᠷᠤᠭᠰᠠᠨ ᠪᠠᠶᠢᠨ᠎ᠠ᠃ ᠥᠷᠭᠡᠨ ᠣᠯᠠᠨ ᠵᠠᠯᠠᠭᠤᠴᠤᠳ | ᠪᠠᠭᠠᠴᠤᠳ ᠢ ᠠᠮᠤᠷ ᠲᠦᠪᠰᠢᠨ᠂ ᠪᠣᠯᠪᠠᠰᠤᠨ᠂ ᠪᠠᠶᠠᠷ ᠬᠥᠷ ᠲᠠᠢ ᠵᠤᠨ ᠤ ᠠᠮᠠᠷᠠᠯᠲᠠ ᠶᠢ ᠥᠩᠭᠡᠷᠡᠭᠦᠯᠬᠦ ᠪᠣᠯ | ᠰᠤᠷᠭᠠᠭᠤᠯᠢ ᠪᠠ ᠭᠡᠷ ᠤᠨ ᠠᠬᠠᠮᠠᠳ ᠤᠨ ᠬᠦᠰᠡᠯ ᠡᠷᠡᠮᠡᠯᠵᠡᠯ ᠪᠠᠶᠢᠵᠤ᠂ ᠨᠠᠩ ᠴᠤ ᠡᠯ᠎ᠡ ᠱᠠᠲᠤᠨ ᠤ ᠰᠠᠯᠠᠭ᠎ᠠ | ᠮᠥᠴᠢᠷ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠷᠢᠭᠤᠴᠠᠯᠭ᠎ᠠ ᠮᠥᠨ᠃ | ᠲᠤᠰ ᠤᠳᠠᠭᠠᠨ ᠤ ᠵᠠᠯᠠᠭᠤᠴᠤᠳ ᠪᠠᠭᠠᠴᠤᠳ ᠤᠨ ᠵᠤᠨ ᠤ ᠠᠮᠠᠷᠠᠯᠲᠠ ᠶᠢᠨ ᠨᠡᠶᠢᠭᠡᠮ ᠤᠨ ᠦᠢᠯᠡᠳᠤᠯᠭᠡ | ᠶᠢᠨ ᠠᠵᠢᠯᠯᠠᠭ᠎ᠠ ᠨᠢ ︽ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠪᠠᠶᠢᠭᠤᠯᠬᠤ ᠳᠤ ᠪᠢ | ᠤᠷᠤᠯᠴᠠᠵᠤ᠂ ᠦᠪᠡᠷ ᠤᠨ ᠬᠤᠪᠢ ᠨᠡᠮᠡᠷᠢ ᠦᠵᠡᠭᠦᠯᠬᠦ︾ ᠪᠠᠷ ᠭᠤᠤᠯ ᠰᠡᠳᠦᠪ ᠪᠣᠯᠭᠠᠨ᠂ ᠨᠡᠶᠢᠭᠡᠮ ᠤᠨ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠵᠤ᠂ ᠵᠠᠯᠠᠭᠤᠴᠤᠳ ᠪᠠᠭᠠᠴᠤᠳ ᠤᠨ ᠵᠤᠨ ᠤ ᠠᠮᠠᠷᠠᠯᠲᠠ ᠶᠢᠨ ᠰᠤᠷᠭᠠᠨ | ᠬᠥᠮᠦᠵᠢᠯ ᠤᠨ ᠠᠵᠢᠯ ᠢ ᠢᠳᠡᠪᠬᠢᠲᠡᠢ ᠳᠡᠮᠵᠢᠬᠦ ᠪᠠ ᠲᠡᠭᠦᠨ ᠳᠤ ᠤᠷᠤᠯᠴᠠᠭᠤᠯᠵᠤ᠂ ᠵᠠᠯᠠᠭᠤᠴᠤᠳ ᠪᠠᠭᠠᠴᠤᠳ ᠤᠨ | ᠪᠡᠶ᠎ᠡ ᠰᠡᠳᠬᠢᠯ ᠤᠨ ᠣᠨᠴᠠᠯᠢᠭ ᠲᠤ ᠲᠣᠬᠢᠷᠠᠭᠰᠠᠨ ᠣᠯᠠᠨ ᠵᠤᠶᠢᠯ ᠤᠨ ᠠᠴᠢᠶᠠᠯᠠᠪᠤᠷᠢ ᠶᠢ ᠡᠭᠦᠳᠦᠨ ᠪᠠᠶᠢᠭᠤᠯᠵᠤ᠂ | ᠠᠮᠢᠳᠤᠯᠢᠭ ᠴᠣᠪᠣᠭᠤᠯᠢᠭ᠂ ᠪᠠᠶᠠᠷ ᠪᠠᠭ᠋ᠠᠳᠤᠯ ᠲᠠᠢ ᠠᠵᠢᠯᠯᠠᠭᠠᠨ ᠤ ᠭᠤᠭᠴᠤᠭ᠎ᠠ ᠶᠢ ᠪᠤᠢ ᠪᠣᠯᠭᠠᠵᠤ᠂ ᠥᠷᠭᠡᠨ ᠣᠯᠠᠨ | ᠵᠠᠯᠠᠭᠤᠴᠤᠳ ᠪᠠᠭᠠᠴᠤᠳ ᠤᠨ ᠪᠠᠶᠠᠷ ᠪᠠᠶᠠᠰᠬᠤᠯᠠᠩᠲᠠᠢ ᠠᠮᠢᠳᠤᠷᠠᠬᠤ ᠪᠠ ᠡᠷᠡᠭᠦᠯ ᠢᠶᠠᠷ ᠦᠰᠦᠨ ᠪᠤᠶᠢᠵᠢᠬᠤ ᠶᠢ | ᠠᠬᠢᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ ᠳᠠᠷᠠᠭ᠎ᠠ ᠳᠤ ᠨᠢ᠂ 70 ᠭᠠᠷᠤᠶ ᠰᠤᠷᠤᠭᠴᠢ ᠶᠢ 4 ᠳᠤᠭᠤᠶᠢᠯᠠᠩ | ᠬᠤᠪᠢᠶᠠᠵᠤ᠂ ᠲᠣᠰ ᠪᠦᠷᠢ 4 ᠨᠡᠶᠢᠭᠡᠮ ᠲᠣᠭᠤᠷᠢᠭ ᠲᠤ ᠬᠦᠷᠴᠦ᠂ 3 ᠡᠳᠦᠷ ᠤᠨ ᠬᠤᠭᠤᠴᠠᠭ᠎ᠠ ᠲᠠᠢ | ᠠᠮᠠᠷᠠᠯᠲᠠ ᠶᠢᠨ ᠬᠤᠭᠤᠴᠠᠭᠠᠨ ᠤ ᠦᠢᠯᠡᠳᠤᠯᠭᠡ ᠶᠢᠨ ᠠᠵᠢᠯᠯᠠᠭ᠎ᠠ ᠶᠢ ᠥᠷᠨᠢᠭᠦᠯᠪᠡ᠃ | |