【ᠨᠡᠶᠢᠲᠡ ᠶᠢᠨ ᠠᠰᠠᠷᠠᠮᠵᠢ ᠶᠢᠨ ᠵᠠᠷᠭᠤ 】ᠬᠤᠶᠠᠷ ᠬᠤᠪᠢ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠨᠢ ᠵᠠᠮ ᠢ ᠵᠠᠰᠠᠨ ᠰᠡᠷᠭᠦᠭᠡᠬᠦ ᠶᠢ ᠠᠬᠢᠭᠤᠯᠵᠤ᠂ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠪᠠᠭᠠᠰᠬᠠᠨ ᠵᠠᠮ ᠢ ᠨᠠᠩ ᠰᠠᠭᠠᠳ ᠥᠬᠡᠶ ᠪᠤᠯᠭᠠᠪᠠ
ᠨᠡᠶᠢᠲᠡᠯᠡᠭᠰᠡᠨ ᠴᠠᠭ᠄
2019-07-31
       2019 ᠣᠨ 7 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠦᠬᠠᠶ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠲᠠᠪᠤᠳᠤᠭᠠᠷ ᠳᠠᠪᠬᠤᠷ ᠲᠤ ᠬᠤᠲᠠ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠷᠢᠭᠤᠴᠠᠵᠤ ᠪᠠᠶᠢᠭ᠎ᠠ ᠳᠥᠷᠪᠡᠳᠦᠭᠡᠷ ᠪᠠᠶᠢᠴᠠᠭᠠᠬᠤ ᠬᠡᠯᠲᠡᠰ ᠤᠨ ᠨᠥᠬᠦᠳ ᠲᠠᠢ ᠬᠠᠮᠲᠤᠷᠠᠨ ᠦᠬᠠᠶ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠬᠦᠷᠭᠡᠪᠡ᠃
       2019 ᠣᠨ 6 ᠰᠠᠷ᠎ᠠ ᠶᠢᠨ ᠡᠬᠢ ᠪᠠᠷ᠂ ᠮᠠᠨ ᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠤᠳᠠ ᠲᠣᠭᠤᠷᠢᠭ ᠤᠨ ᠬᠤᠪᠢᠶᠠᠷᠢ ᠲᠣᠪᠴᠢᠶ᠎ᠠ ᠪᠠᠷ ᠳᠠᠮᠵᠢᠨ ᠰᠦᠪᠡᠭᠴᠢ ᠬᠠᠩᠭᠠᠵᠤ᠂ ᠤᠳᠠ ᠲᠣᠭᠤᠷᠢᠭ ᠤᠨ ᠨᠡᠭᠦᠷᠡᠰᠦ ᠵᠦᠭᠡᠭᠡᠪᠦᠷᠢᠯᠡᠬᠦ ᠲᠤᠰᠬᠠᠶ ᠱᠤᠭᠤᠮ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠤᠨ ᠬᠡᠰᠡᠭ ᠨᠢ ᠠᠭᠤᠯᠠᠨ ᠦᠶᠡᠷ ᠤᠷᠤᠰᠤᠭᠰᠠᠨ ᠠᠴᠠ ᠪᠣᠯᠵᠤ᠂ ᠵᠠᠮ ᠨᠢ ᠬᠦᠨᠳᠦ ᠨᠣᠴᠢᠲᠠᠶ ᠡᠪᠳᠡᠭᠳᠡᠵᠦ᠂ ᠲᠡᠭᠡᠭᠡᠪᠦᠷᠢ ᠶᠢᠨ ᠮᠠᠰᠢᠨ ᠲᠡᠷᠭᠡᠨ ᠬᠠᠶᠢᠷ ᠴᠢᠯᠠᠭᠤᠨ ᠵᠠᠮ ᠢᠶᠠᠷ ᠦᠩᠭᠡᠷᠡᠬᠦ ᠳᠤ ᠲᠣᠭᠤᠰᠣ ᠳᠡᠭᠳᠡᠬᠦ ᠪᠣᠬᠢᠷᠲᠤᠯ ᠢ ᠪᠤᠢ ᠪᠤᠯᠭᠠᠪᠠ᠃ 7 ᠰᠠᠷ᠎ᠠ ᠳᠤ᠂ ᠮᠠᠨ ᠤ ᠬᠤᠷᠢᠶᠠᠨ ᠤ ᠬᠤᠶᠠᠳᠤᠭᠠᠷ ᠪᠠᠶᠢᠴᠠᠭᠠᠬᠤ ᠬᠡᠯᠲᠡᠰ ᠲᠣᠭᠤᠷᠢᠨ ᠪᠠᠶᠢᠴᠠᠭᠠᠬᠤ ᠶᠠᠪᠤᠴᠠ ᠳᠠᠭᠠᠨ᠂ ᠤᠳᠠ ᠲᠣᠭᠤᠷᠢᠭ ᠤᠨ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠤᠨ ᠤᠯᠠᠭᠠᠨ ᠲᠤᠭ ᠨᠡᠭᠦᠷᠡᠰᠦᠨ ᠠᠭᠤᠷᠬᠠᠢ ᠶᠢᠨ ᠵᠠᠮ ᠤᠨ ᠬᠡᠰᠡᠭ ᠵᠠᠮ ᠬᠦᠨᠳᠦ ᠨᠣᠴᠢᠲᠠᠶ ᠡᠪᠳᠡᠭᠳᠡᠵᠦ᠂ ᠨᠠᠰᠢ ᠴᠠᠰᠢ ᠶᠠᠪᠤᠬᠤ ᠲᠡᠷᠭᠡ ᠬᠥᠰᠬᠡ ᠬᠦᠨᠳᠦ ᠨᠣᠴᠢᠲᠠᠶ ᠲᠣᠭᠤᠰᠣ ᠰᠢᠷᠣᠶ ᠶᠢᠨ ᠪᠣᠬᠢᠷᠲᠤᠯ ᠢ ᠪᠣᠶ ᠪᠣᠯᠭᠠᠵᠤ᠂ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠢ ᠰᠡᠷᠭᠡᠶᠢᠯᠡᠨ ᠵᠠᠰᠠᠬᠤ ᠳᠤ ᠡᠪᠳᠡᠯᠡᠭᠡ ᠤᠴᠠᠷᠠᠭᠤᠯᠤᠭᠰᠠᠨ ᠪᠥᠭᠡᠳ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡ᠃ ᠮᠠᠨ ᠤ ᠬᠤᠷᠢᠶᠠᠨ ᠤ ᠺᠠᠳ᠋ᠷ ᠴᠠᠭᠳᠠᠭ᠎ᠠ ᠨᠠᠷ ᠳᠡᠭᠡᠷ᠎ᠡ ᠳᠤᠷᠠᠳᠤᠭᠰᠠᠨ ᠪᠠᠶᠢᠳᠠᠯ ᠤᠨ ᠲᠤᠬᠠᠶ ᠵᠢᠯᠣᠭᠤᠴᠢ ᠳᠤ ᠠᠰᠠᠭᠤᠯᠲᠠ ᠶᠢᠨ ᠬᠠᠭᠤᠳᠠᠰᠤ ᠲᠠᠷᠬᠠᠭᠠᠨ ᠪᠠᠶᠢᠴᠠᠭᠠᠯᠲᠠ ᠬᠢᠬᠦ ᠳᠤ᠂ ᠵᠢᠯᠣᠭᠤᠴᠢ ᠠᠴᠠ ᠲᠡᠭᠡᠭᠡᠪᠦᠷᠢ ᠶᠢᠨ ᠲᠡᠷᠭᠡ ᠦᠷᠭᠦᠯᠵᠢ ᠮᠥᠷᠭᠦᠯᠳᠦᠬᠦ ᠵᠡᠷᠭᠡ ᠵᠠᠮ ᠬᠠᠷᠢᠯᠴᠠᠭᠠᠨ ᠤ ᠠᠳᠡᠯ ᠭᠠᠷᠳᠠᠭ ᠪᠥᠭᠡᠳ ᠵᠠᠮ ᠬᠠᠷᠢᠯᠴᠠᠭᠠᠨ ᠤ ᠲᠦᠭᠵᠢᠷᠡᠯ ᠬᠦᠨᠳᠦ ᠨᠣᠴᠢᠲᠠᠶ ᠪᠠᠶᠢᠵᠤ᠂ ᠨᠡᠭᠦᠷᠡᠰᠦ ᠲᠡᠭᠡᠭᠡᠪᠦᠷᠢᠯᠡᠬᠦ ᠲᠡᠷᠭᠡ ᠶᠢ ᠤᠤᠯ ᠨᠢ ᠭᠤᠷᠪᠠ ᠳᠥᠷᠪᠡᠨ ᠤᠳᠠᠭ᠎ᠠ ᠵᠥᠭᠡᠭᠡᠪᠦᠷᠢᠯᠡᠵᠦ ᠪᠠᠶᠢᠭᠰᠠᠨ ᠠᠴᠠ ᠪᠠᠨ ᠨᠢᠭᠡ ᠡᠳᠦᠷ ᠲᠤ ᠨᠢᠭᠡ ᠯᠠ ᠤᠳᠠᠭ᠎ᠠ ᠲᠡᠭᠡᠭᠡᠪᠦᠷᠢᠯᠡᠵᠦ ᠴᠢᠳᠠᠬᠤ ᠪᠤᠯᠵᠠᠢ ᠭᠡᠵᠦ ᠨᠡᠶᠢᠳᠡᠮ ᠲᠤᠰᠬᠠᠪᠠ᠃ ᠤᠳᠠ ᠲᠣᠭᠤᠷᠢᠭ ᠤᠨ  ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠨᠢ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠤ ᠬᠠᠮᠢᠶᠠᠷᠤᠯᠲᠠ ᠳᠤ ᠬᠠᠷᠢᠶᠠᠯᠠᠭᠳᠠᠬᠤ ᠪᠤᠯᠬᠤᠷ᠂ ᠮᠠᠨ ᠤ ᠬᠤᠷᠢᠶ᠎ᠠ ᠠᠴᠠ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠢ ᠬᠦᠷᠭᠡᠵᠦ᠂ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠢ ᠵᠠᠰᠠᠨ ᠰᠡᠷᠭᠦᠭᠡᠵᠦ᠂ ᠲᠣᠭᠤᠰᠣ ᠳᠡᠭᠳᠡᠬᠦ ᠪᠣᠬᠢᠷᠲᠤᠯ ᠠᠴᠠ ᠵᠠᠶᠢᠯᠠᠰᠬᠢᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠡᠳᠦᠷ ᠲᠤᠲᠤᠮ ᠤᠨ ᠰᠡᠯᠪᠢᠨ ᠵᠠᠰᠠᠵᠤ ᠪᠠᠬᠢᠵᠢᠭᠦᠯᠬᠦ ᠠᠵᠢᠯ ᠢ ᠴᠢᠩᠭᠠᠳᠬᠠᠬᠤ ᠶᠢ ᠰᠠᠨᠠᠭᠤᠯᠪᠠ᠃
       ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠢᠶᠠ ᠽᠤᠩ ᠷᠦᠩ᠂ ᠦᠬᠠᠶ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠭᠤᠸᠠᠨ ᠯᠢ ᠴᠢᠶᠠᠩ ᠵᠢᠴᠢ ᠠᠷᠠᠴᠢᠯᠠᠨ ᠬᠠᠮᠠᠭᠠᠯᠠᠬᠤ ᠰᠠᠯᠠᠭᠠᠨ ᠤ ᠳᠠᠷᠤᠭ᠎ᠠ ᠸᠧᠶ ᠪᠧ ᠯᠠᠨ ᠤᠷᠢᠯᠭ᠎ᠠ ᠪᠠᠷ ᠪᠠᠶᠢᠴᠠᠭᠠᠬᠤ ᠰᠠᠨᠠᠭᠤᠯᠭ᠎ᠠ ᠬᠦᠷᠭᠡᠬᠦ ᠠᠵᠢᠯᠯᠠᠭ᠎ᠠ ᠳᠤ ᠣᠷᠣᠯᠴᠠᠪᠠ᠃ ᠳᠡᠳ᠋ ᠲᠣᠪᠴᠢᠶᠠᠨ ᠳᠠᠷᠤᠭ᠎ᠠ ᠵᠢᠶᠠ ᠽᠤᠩ ᠷᠦᠩ ᠤᠳᠠ ᠲᠣᠭᠤᠷᠢᠭ ᠤᠨ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠤᠨ ᠵᠠᠰᠠᠮᠠᠯ ᠵᠠᠮ ᠤᠨ ᠡᠪᠳᠡᠷᠡᠵᠦ ᠰᠦᠢᠲᠦᠭᠰᠡᠨ ᠰᠢᠯᠲᠠᠭᠠᠨ ᠵᠢᠴᠢ ᠲᠣᠰ ᠵᠠᠮ ᠤᠨ ᠬᠡᠰᠡᠭ ᠢ ᠬᠤᠶᠢᠰᠢᠳᠠ ᠬᠡᠷᠬᠢᠨ ᠰᠡᠯᠪᠢᠨ ᠵᠠᠰᠠᠬᠤ᠂ ᠬᠠᠷᠢᠶ᠎ᠠ ᠣᠷᠣᠨ ᠤ ᠬᠠᠮᠢᠶᠠᠷᠤᠯᠲᠠ᠂ ᠠᠷᠠᠴᠢᠯᠠᠨ ᠬᠠᠮᠠᠭᠠᠯᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠳᠤᠷᠠᠳᠤᠭᠰᠠᠨ ᠪᠠᠶᠢᠴᠠᠭᠠᠬᠤ ᠰᠠᠨᠠᠭᠤᠯᠭ᠎ᠠ ᠳᠤ ᠠᠯᠢ ᠲᠦᠷᠭᠡᠨ ᠢᠶᠠᠷ ᠬᠠᠷᠢᠭᠤᠯᠲᠠ ᠥᠭᠭᠦᠨ᠎ᠡ ᠭᠡᠵᠦ ᠢᠯᠡᠷᠬᠡᠶᠢᠯᠡᠵᠡᠶ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号