【ᠨᠡᠶᠢᠲᠡ ᠶᠢᠨ ᠠᠰᠠᠷᠠᠮᠵᠢ ᠶᠢᠨ ᠵᠠᠷᠭᠤ 】ᠵᠢᠯᠣᠭᠤᠴᠢ ᠥᠬᠡᠶ ᠨᠢᠰᠬᠡᠯ ᠠᠩᠬ᠎ᠠ ᠤᠳᠠᠭ᠎ᠠ ︽ᠲᠠᠯᠠᠪᠠᠢ ᠳᠤ ᠭᠠᠷᠴᠤ︾ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠭᠡᠷᠡᠴᠢ ᠠᠪᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2019-07-31
      ᠤᠶᠢᠷ᠎ᠠ ᠳᠤ᠂ ᠤᠳᠠ ᠲᠣᠭᠤᠷᠢᠭ ᠤᠨ ᠪᠠᠶᠢᠴᠠᠭᠠᠬᠤ ᠬᠤᠷᠢᠶ᠎ᠠ ᠲᠤᠭᠤᠰᠤᠨ ᠪᠤᠬᠢᠷᠳᠠᠯ ᠠᠴᠠ ᠪᠣᠯᠵᠤ ᠠᠭᠠᠷ ᠮᠠᠨᠳᠠᠯ ᠤᠨ ᠣᠷᠴᠢᠨ ᠠᠬᠤᠶ ᠶᠢ ᠡᠪᠳᠡᠭᠰᠡᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠬᠦ ᠶᠠᠪᠤᠴᠠ ᠳᠤᠮᠳᠠ ᠬᠤᠲᠠ ᠶᠢᠨ ᠪᠠᠶᠢᠴᠠᠭᠠᠬᠤ ᠬᠤᠷᠢᠶᠠᠨ ᠤ ᠮᠡᠷᠭᠡᠵᠢᠯ ᠤᠨ ᠬᠠᠪᠰᠤᠷᠤᠯᠭ᠎ᠠ ᠳᠣᠤᠷ᠎ᠠ ᠲᠣᠰ ᠬᠡᠷᠡᠭ ᠢ ᠲᠤᠬᠠᠶ ᠶᠢᠨ ᠭᠠᠵᠠᠷ ᠲᠤᠨᠢ ᠬᠠᠶᠢᠨ ᠰᠢᠯᠭᠠᠵᠤ᠂ ᠠᠩᠬ᠎ᠠ ᠤᠳᠠᠭ᠎ᠠ ᠵᠢᠯᠣᠭᠤᠴᠢ ᠥᠬᠡᠶ ᠨᠢᠰᠬᠡᠯ ᠢᠶᠠᠷ ᠭᠡᠷᠡᠴᠢ ᠪᠠᠷᠢᠮᠲᠠ ᠠᠪᠤᠭᠰᠠᠨ ᠪᠠᠶᠢᠨ᠎ᠠ᠃        ᠨᠡᠭᠡᠭᠡᠯᠭᠡ ᠨᠢ ᠨᠡᠬᠡᠭᠡᠭᠳᠡᠬᠦ ᠶᠢ ᠳᠠᠭᠠᠯᠳᠤᠨ᠂ ᠰᠡᠯᠢᠭᠦᠷ ᠲᠦᠷᠭᠡᠨ ᠡᠷᠭᠢᠯᠳᠦᠵᠦ᠂ ᠬᠤᠲᠠ ᠶᠢᠨ ᠪᠠᠶᠢᠴᠠᠭᠠᠬᠤ ᠬᠤᠷᠢᠶᠠᠨ ᠤ ᠲᠤᠰᠬᠠᠶ ᠮᠡᠷᠭᠡᠵᠢᠯ ᠤᠨ ᠠᠵᠢᠯᠲᠠᠨ ᠤ ᠡᠵᠡᠮᠳᠡᠵᠦ ᠪᠠᠶᠢᠭ᠎ᠠ ᠵᠢᠯᠣᠭᠤᠴᠢ ᠦᠭᠡᠢ ᠨᠢᠰᠬᠡᠯ ᠳᠡᠭᠡᠭᠰᠢ ᠳᠡᠭᠳᠡᠨ᠂ ᠰᠡᠭᠦᠳᠡᠷᠯᠡᠭᠰᠡᠨ ᠵᠢᠷᠤᠭ ᠳᠦᠷᠰᠦ ᠨᠢ  ᠮᠡᠷᠭᠡᠵᠢᠯ ᠤᠨ ᠠᠵᠢᠯᠲᠠᠨ ᠤ ᠭᠠᠷ ᠲᠠᠬᠢ ᠳᠡᠯᠭᠡᠴᠡ ᠳᠤ ᠵᠡᠷᠭᠡᠪᠡᠷ ᠳᠡᠯᠭᠡᠨ ᠦᠵᠡᠭᠦᠯᠵᠦ᠂ ᠮᠡᠷᠭᠡᠵᠢᠯ ᠤᠨ ᠠᠵᠢᠯᠲᠠᠳ ᠬᠡᠷᠡᠭ ᠰᠢᠢᠳᠪᠦᠷᠢᠯᠡᠬᠦ  ᠳᠤᠭᠤᠶᠢᠯᠠᠩ ᠤᠨ ᠭᠡᠷᠡᠴᠢ ᠠᠪᠬᠤ ᠱᠠᠭᠠᠷᠳᠠᠯᠭ᠎ᠠ ᠶᠢ ᠦᠨᠳᠦᠰᠦᠯᠡᠨ᠂ ᠰᠡᠭᠦᠳᠡᠷᠯᠡᠬᠦ ᠬᠠᠷᠠᠭᠠᠰᠤ ᠵᠢᠴᠢ ᠭᠡᠷᠡᠴᠢ ᠠᠪᠬᠤ ᠭᠠᠵᠠᠷ ᠢ ᠲᠠᠰᠤᠷᠠᠯᠲᠠ ᠦᠭᠡᠢ ᠲᠣᠬᠢᠷᠠᠭᠤᠯᠪᠠ᠃ ᠵᠢᠯᠣᠭᠤᠴᠢ ᠦᠭᠡᠢ ᠨᠢᠰᠬᠡᠯ ᠨᠢ ᠺᠠᠳ᠋ᠷ ᠴᠠᠭᠳᠠᠭ᠎ᠠ ᠶᠢ ᠬᠠᠪᠰᠤᠷᠤᠨ ᠳᠡᠭᠷᠢ ᠳᠡᠭᠡᠷ᠎ᠡ ᠠᠴᠠ ᠦᠩᠭᠡᠶᠢᠨ ᠬᠠᠷᠠᠵᠤ᠂ ᠲᠣᠰ ᠭᠠᠵᠠᠷ ᠣᠷᠣᠨ ᠤ ᠪᠦᠬᠦ ᠪᠠᠶᠢᠳᠠᠯ ᠢ ᠰᠢᠭᠤᠳ ᠠᠵᠢᠭᠯᠠᠵᠤ᠂ ᠬᠠᠶᠢᠨ ᠰᠢᠯᠭᠠᠵᠤ ᠭᠡᠷᠡᠴᠢ ᠠᠪᠤᠭᠰᠠᠨ ᠶᠠᠪᠤᠴᠠ ᠶᠢ ᠲᠡᠮᠳᠡᠭᠯᠡᠪᠡ᠃        ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠨᠢ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠳᠤ ᠬᠦᠴᠦᠨ ᠨᠡᠮᠡᠷᠢᠯᠡᠵᠦ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠵᠢᠴᠢ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠠᠵᠢᠯ ᠳᠤ ᠬᠦᠴᠦᠲᠡᠶ ᠮᠡᠷᠭᠡᠵᠢᠯ ᠤᠨ ᠲᠦᠰᠢᠭ ᠲᠤᠯᠭᠠᠭᠤᠷᠢ ᠪᠤᠯᠪᠠ᠃    
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号