ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ᠄ ᠬᠢᠨᠠᠯᠲᠠ ᠲᠠᠯᠪᠢᠬᠤ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠬᠢᠨᠠᠯᠲᠠ ᠲᠠᠯᠪᠢᠬᠤ ᠰᠠᠭᠤᠷᠢ ᠤᠶᠢᠯᠡᠳᠤᠯ ᠢ ᠰᠠᠶᠢᠲᠤᠷ ᠪᠠᠳᠠᠷᠠᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2019-07-31

       2019 ᠣᠨ ᠠᠴᠠ ᠨᠠᠰᠢ᠂ ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ

ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ︽ᠳᠥᠷᠪᠡᠨ ᠵᠤᠶᠢᠯ ᠤᠨ ᠬᠡᠯᠪᠡᠷᠢ

ᠪᠠᠶᠢᠳᠠᠯ︾ ᠢ ᠨᠡᠪᠲᠡᠷᠡᠭᠦᠯᠦᠨ ᠬᠡᠷᠡᠭᠯᠡᠵᠦ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠪᠠ

ᠴᠢᠬᠤᠯᠠ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠬᠢᠨᠠᠯᠲᠠ ᠲᠠᠯᠪᠢᠬᠤ ᠶᠢᠨ ᠴᠢᠭᠯᠡᠭᠦᠯᠦᠯᠲᠡ ᠴᠢᠨᠠᠷ᠂ ᠦᠷ᠎ᠡ

ᠪᠦᠲᠦᠮᠵᠢᠲᠦ ᠴᠢᠨᠠᠷ ᠪᠠ ᠬᠡᠷᠡᠭᠵᠢᠭᠦᠯᠵᠦ ᠪᠤᠯᠬᠤᠶᠢᠴᠠ  ᠴᠢᠨᠠᠷ ᠢ ᠦᠨᠡᠨ ᠬᠦ ᠴᠢᠩᠭᠠᠳᠬᠠᠪᠠ᠃

       ᠨᠢᠭᠡ ᠳᠤ ︽ᠳᠥᠷᠪᠡᠨ ᠵᠤᠶᠢᠯ ᠤᠨ ᠬᠡᠯᠪᠡᠷᠢ ᠪᠠᠶᠢᠳᠠᠯ︾ ᠢ ᠦᠢᠯᠡᠳᠦᠯᠭᠡᠵᠢᠭᠦᠯᠦᠨ᠎ᠡ᠃ ︽ᠳᠥᠷᠪᠡᠨ

ᠵᠤᠶᠢᠯ ᠤᠨ ᠬᠡᠯᠪᠡᠷᠢ ᠪᠠᠶᠢᠳᠠᠯ︾ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠪᠦᠬᠦ ᠶᠠᠪᠤᠴᠠ︾ ᠳᠤ

ᠲᠤᠭᠤᠰᠢᠯᠠᠭᠤᠯᠵᠤ᠂ ᠡᠪᠡᠳᠴᠢᠨ ᠦᠭᠡᠢ ᠪᠠᠷ ᠰᠡᠷᠭᠡᠶᠢᠯᠡᠬᠦ᠂ ᠠᠩᠬᠠᠨ ᠤ ᠡᠪᠡᠳᠴᠢᠨ ᠢ ᠡᠷᠲᠡ ᠵᠠᠰᠠᠬᠤ᠂

ᠡᠪᠡᠳᠴᠢᠨ ᠲᠠᠢ ᠪᠣᠯ ᠲᠦᠷᠭᠡᠨ ᠵᠠᠰᠠᠬᠤ᠂ ᠬᠦᠨᠳᠦ ᠡᠪᠡᠳᠴᠢᠨ ᠢ ᠴᠢᠩᠭ᠎ᠠ ᠵᠠᠰᠠᠬᠤ ᠰᠠᠬᠢᠯᠭ᠎ᠠ ᠪᠠᠲᠤ ᠬᠢᠨᠠᠨ

ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠦᠨ᠎ᠡ᠃ ᠣᠳᠣᠬᠠᠨ ᠪᠣᠯᠲᠠᠯ᠎ᠠ᠂ ︽ᠳᠥᠷᠪᠡᠨ

ᠵᠤᠶᠢᠯ ᠤᠨ ᠬᠡᠯᠪᠡᠷᠢ ᠪᠠᠶᠢᠳᠠᠯ︾ ᠢ ᠬᠡᠷᠡᠭᠯᠡᠨ ᠨᠢᠭᠡᠳᠦᠭᠡᠷ ᠵᠤᠶᠢᠯ ᠤᠨ ᠬᠡᠯᠪᠡᠷᠢ ᠳᠦᠷᠰᠦ ᠶᠢᠨ 262 ᠬᠥᠮᠦᠨ ︵

ᠤᠳᠠᠭ᠎ᠠ︶ ᠢ ᠰᠢᠢᠳᠪᠦᠷᠢᠯᠡᠨ᠂ ᠪᠥᠬᠦ ᠲᠣᠭᠠᠨ ᠤ 96% ᠶᠢ ᠡᠵᠡᠯᠡᠵᠦ᠂ ᠬᠤᠶᠠᠳᠤᠭᠠᠷ ᠬᠡᠯᠪᠡᠷᠢ ᠳᠦᠷᠰᠦ ᠨᠢ 7

ᠬᠥᠮᠥᠨ ᠤᠳᠠᠭ᠎ᠠ ᠳᠤ ᠬᠦᠷᠴᠦ᠂ ᠪᠥᠬᠦ ᠲᠣᠭᠠᠨ ᠤ 3% ᠶᠢ ᠡᠵᠡᠯᠡᠵᠦ᠂ ᠭᠤᠷᠪᠠᠳᠤᠭᠠᠷ ᠬᠡᠯᠪᠡᠷᠢ ᠳᠦᠷᠰᠦ ᠨᠢ 3

ᠬᠥᠮᠥᠨ ᠤᠳᠠᠭ᠎ᠠ ᠳᠤ ᠬᠦᠷᠴᠦ᠂ ᠪᠥᠬᠦ ᠲᠣᠭᠠᠨ ᠤ 1% ᠶᠢ ᠡᠵᠡᠯᠡᠵᠦ ᠪᠠᠶᠢᠨ᠎ᠠ᠃

       ᠬᠤᠶᠠᠷ ᠲᠤ ᠠᠳᠠᠯᠢ ᠱᠠᠲᠤᠨ ᠤ ᠬᠢᠨᠠᠯᠲᠠ ᠶᠢ ᠴᠢᠩᠭᠠᠳᠬᠠᠨ᠎ᠠ᠃ ︽ᠤᠳᠠ ᠲᠣᠭᠤᠷᠢᠭ ᠤᠨ ᠰᠢᠶᠠᠨ ᠤ

ᠱᠠᠲᠤᠨ ᠤ ᠤᠳᠤᠷᠢᠳᠬᠤ ᠺᠠᠳ᠋ᠷᠴᠤᠳ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢᠨ ᠪᠠᠶᠢᠳᠠᠯ ᠪᠣᠯᠤᠨ ᠬᠤᠪᠢ ᠬᠥᠮᠦᠨ ᠤ ᠴᠢᠬᠤᠯᠠ ᠶᠡᠭᠡ ᠤᠴᠢᠷ ᠶᠠᠪᠤᠳᠠᠯ ᠢ ᠠᠳᠠᠯᠢ ᠱᠠᠲᠤᠨ ᠤ

ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠳᠠᠩᠰᠠᠯᠠᠬᠤ ᠳᠦᠷᠢᠮ︾ ᠢ ᠲᠣᠭᠲᠠᠭᠠᠵᠤ᠂ ᠰᠢᠶᠠᠨ ᠤ ᠱᠠᠲᠤᠨ ᠤ

ᠤᠳᠤᠷᠢᠳᠬᠤ ᠺᠠᠳ᠋ᠷᠴᠤᠳ ᠤᠨ ᠣᠨ ᠤ  ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ᠂

ᠣᠨ ᠤ ᠰᠢᠯᠭᠠᠨ ᠬᠢᠨᠠᠵᠤ ᠦᠨᠡᠯᠡᠬᠦ ᠬᠦᠰᠦᠨᠦᠭᠲᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ

ᠡᠭᠦᠷᠭᠡᠯᠡᠬᠦ︾ ᠮᠡᠳᠡᠭᠦᠯᠦᠯᠲᠡ ᠶᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢ ᠲᠣᠭᠤᠷᠢᠭ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶ᠎ᠠ ᠳᠤ ᠳᠠᠩᠰᠠᠯᠠᠭᠤᠯᠵᠤ᠂ ᠰᠢᠶᠠᠨ ᠤ ᠱᠠᠲᠤᠨ ᠤ ᠺᠠᠳ᠋ᠷᠴᠤᠳ ᠤᠨ ᠡᠳᠦᠷ ᠲᠤᠲᠤᠮ ᠤᠨ

ᠬᠢᠨᠠᠯᠲᠠ ᠶᠢ ᠴᠢᠩᠭᠠᠳᠬᠠᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠳᠠᠩᠰᠠ ᠡᠪᠬᠡᠮᠡᠯ ᠢ ᠨᠡᠶᠢᠲᠡ 31 ᠬᠤᠪᠢ

ᠪᠠᠶᠢᠭᠤᠯᠵᠤ᠂ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ

ᠣᠷᠳᠣᠨ᠂ ᠤᠯᠤᠰ ᠲᠥᠷᠦ ᠶᠢᠨ ᠵᠥᠪᠯᠡᠯᠭᠡᠨ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ

ᠪᠠᠶᠢᠭᠤᠯᠭ᠎ᠠ ᠶᠢᠨ ᠠᠵᠢᠯ ᠳᠤ ᠪᠠᠶᠢᠭ᠎ᠠ ᠪᠤᠢ ᠪᠦᠬᠦᠢ ᠰᠢᠶᠠᠨ ᠤ ᠱᠠᠲᠤᠨ ᠤ ᠺᠠᠳ᠋ᠷ ᠢ ᠬᠠᠮᠤᠷᠪᠠ᠃

       ᠭᠤᠷᠪᠠ ᠳᠤ ᠲᠥᠪ ᠴᠢᠩᠭ᠎ᠠ ᠪᠠᠶᠢᠬᠤ ᠬᠡᠷᠡᠭᠲᠡᠶ᠃ ︽ᠰᠢᠨ᠎ᠡ ᠪᠠᠶᠢᠳᠠᠯ ᠳᠣᠤᠷᠠᠬᠢ ᠨᠠᠮ ᠤᠨ

ᠳᠣᠲᠣᠭᠠᠳᠤ ᠶᠢᠨ ᠤᠯᠤᠰ ᠲᠥᠷᠦ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ︾ ᠢ ᠴᠢᠩᠭ᠎ᠠ

ᠨᠠᠶᠢᠳᠠᠪᠤᠷᠢᠵᠢᠭᠤᠯᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ

ᠬᠤᠷᠠᠯᠳᠤᠭᠤᠯᠤᠭᠰᠠᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠬᠥᠮᠦᠨ ᠲᠣᠮᠢᠯᠠᠨ ᠣᠷᠣᠯᠴᠠᠭᠤᠯᠵᠤ ᠵᠢᠭᠠᠨ

ᠵᠢᠯᠣᠭᠤᠳᠤᠭᠤᠯᠪᠠ᠂ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠭ ᠤᠨ

ᠪᠦᠷᠢᠯᠳᠦᠬᠦᠨ 28 ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ

ᠣᠷᠣᠯᠴᠠᠵᠤ᠂ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ

 ᠤᠨ ᠳᠠᠷᠤᠭ᠎ᠠ ᠠᠵᠢᠯᠯᠠᠵᠤ ᠪᠠᠶᠢᠭ᠎ᠠ 52 ᠨᠢᠭᠡᠴᠡ ᠶᠢᠨ ᠬᠤᠷᠠᠯ ᠳᠤ ᠣᠷᠣᠯᠴᠠᠵᠤ᠂ 2 ᠨᠠᠮ ᠤᠨ ᠡᠭᠦᠷ ᠤᠨ

ᠬᠤᠷᠠᠯ ᠢ ᠵᠣᠭᠰᠣᠭᠠᠵᠤ᠂ ᠳᠠᠬᠢᠨ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢ ᠱᠠᠭᠠᠷᠳᠠᠵᠤ᠂ ᠠᠷᠠᠳᠴᠢᠯᠠᠯ ᠤᠨ

ᠠᠮᠢᠳᠤᠷᠠᠯ ᠤᠨ ᠬᠤᠷᠠᠯ ᠪᠣᠯᠤᠨ ᠬᠤᠷᠠᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ ᠭᠡᠵᠦ

ᠱᠠᠭᠠᠷᠳᠠᠪᠠ᠃

 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号