ᠣᠳᠣᠬᠠᠨ ᠳᠤ᠂ ᠶᠠᠭ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠱᠠᠲᠤᠨ ᠳᠤ ᠪᠠᠶᠢᠵᠤ᠂ ᠲᠥᠪ ᠬᠤᠷᠢᠶᠠᠨ ᠤ | ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾ ᠤᠨ ᠠᠰᠠᠭᠤᠳᠠᠯ ᠢ ᠬᠤᠷᠢᠭᠯᠠᠬᠤ ᠶᠢᠨ ᠲᠥᠯᠥᠭᠡ᠂ | ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠠᠴᠠ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠳᠤᠭᠤᠶᠢᠯᠠᠩ ᠤᠨ ︽ᠲᠣᠮᠢᠯᠠᠬᠤ︾ ᠡᠷᠬᠡ ᠰᠦᠷ᠂ ︽ᠰᠠᠭᠤᠬᠤ︾ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠬᠠᠷᠢᠶ᠎ᠠ ᠲᠣᠭᠤᠷᠢᠭ ᠲᠠᠬᠢ ᠨᠠᠮ ᠤᠨ ᠵᠣᠬᠢᠶᠠᠨ ᠪᠠᠶᠢᠭᠤᠯᠤᠯᠲᠠ ᠶᠢ ᠰᠢᠮᠳᠠᠭᠤᠯᠵᠤ ᠪᠠᠶᠢᠭᠠᠳ | ᠤᠬᠠᠭᠤᠯᠭ᠎ᠠ ᠬᠥᠮᠦᠵᠢᠯ᠂ ᠰᠠᠭᠤᠷᠢ ᠲᠤᠭ᠎ᠠ ᠶᠢ ᠣᠶᠢᠯᠭᠠᠨ ᠵᠢᠭᠰᠠᠭᠠᠬᠤ᠂ ᠰᠠᠨᠠᠭᠤᠯᠤᠨ ᠶᠠᠷᠢᠯᠴᠠᠬᠤ᠂ ᠢᠯᠡ ᠪᠠᠷ | ᠠᠮᠠᠯᠠᠬᠤ ᠵᠡᠷᠭᠡ ᠡᠯ᠎ᠡ ᠵᠤᠶᠢᠯ ᠤᠨ ᠠᠵᠢᠯ ᠢ ᠰᠠᠶᠢᠲᠤᠷ ᠬᠢᠯᠭᠡᠵᠦ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ᠂ ᠪᠠᠶᠢᠴᠠᠭᠠᠬᠤ ᠶᠢ ᠳᠣᠪᠤᠶᠢᠯᠭᠠᠬᠤ᠂ ᠢᠯᠡ ᠪᠠᠷ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠳ᠋ᠢᠶᠠᠩᠬᠤᠸᠠ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ᠂ ᠰᠠᠭᠤᠭ᠎ᠠ ᠨᠢᠭᠡᠴᠡ ᠶᠢᠨ ︽ᠰᠤᠷᠭᠠᠭᠤᠯᠢ ᠳᠤ | ᠳᠡᠪᠰᠢᠬᠦ ᠨᠠᠶᠢᠷ︾ ︽ᠪᠠᠭᠰᠢ ᠳᠤ ᠪᠠᠨ ᠲᠠᠯᠠᠷᠬᠠᠬᠤ ᠨᠠᠶᠢᠷ︾ ᠵᠡᠷᠭᠡ ᠲᠣᠭᠲᠠᠭᠠᠯ ᠠᠴᠠ ᠵᠥᠷᠢᠴᠡᠨ ᠲᠥᠪ ᠪᠤᠰᠤ | ᠰᠤᠷᠲᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠤᠷᠢᠳᠴᠢᠯᠠᠨ ᠰᠡᠷᠭᠡᠶᠢᠯᠡᠨ ᠤᠷᠢᠳᠴᠢᠯᠠᠨ | ᠰᠡᠷᠡᠮᠵᠢᠯᠡᠭᠦᠯᠵᠦ᠂ ᠰᠠᠯᠬᠢ ᠰᠥᠷᠦᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠨ ︽ᠰᠤᠷᠭᠠᠭᠤᠯᠢ ᠳᠤ | ᠳᠡᠪᠰᠢᠬᠦ ᠨᠠᠶᠢᠷ︾ ︽ᠪᠠᠭᠰᠢ ᠳᠤ ᠪᠠᠨ ᠲᠠᠯᠠᠷᠬᠠᠬᠤ ᠨᠠᠶᠢᠷ︾ ᠳᠤ ᠣᠷᠣᠯᠴᠠᠭᠰᠠᠨ ᠪᠠᠶᠢᠪᠠᠯ᠂ ᠨᠢᠭᠡ ᠶᠢ ᠣᠯᠵᠤ | ᠮᠡᠳᠡᠪᠡᠯ᠂ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠣᠪᠣᠭ ᠨᠡᠷ᠎ᠡ ᠶᠢ ᠨᠢ ᠳᠤᠷᠠᠳᠴᠤ ᠣᠯᠠᠨ ᠳᠤ ᠵᠠᠷᠯᠠᠨ | ᠮᠡᠳᠡᠭᠳᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠴᠢᠩᠭ᠎ᠠ ᠳᠣᠬᠢᠶ᠎ᠠ ᠶᠢ ᠦᠷᠭᠦᠯᠵᠢᠯᠡᠨ | ᠲᠠᠯᠪᠢᠪᠠ᠃ |