ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ | ᠦᠢᠯᠡᠳᠦᠯᠭᠡᠵᠢᠭᠦᠯᠵᠦ᠂ ᠬᠤᠲᠠ ᠶᠢᠨ ᠪᠣᠯᠪᠠᠰᠤᠨ ᠬᠡᠪ ᠰᠤᠷᠲᠠᠯ ᠢ ᠪᠤᠢ ᠪᠣᠯᠭᠠᠵᠤ᠂ ᠪᠥᠬᠦ ᠤᠯᠤᠰ ᠤᠨ ᠪᠣᠯᠪᠠᠰᠤᠨ | ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠤᠬᠠᠭᠤᠯᠭ᠎ᠠ ᠶᠢᠨ ᠠᠵᠢᠯ ᠢ | ᠰᠠᠶᠢᠲᠤᠷ ᠬᠢᠵᠦ᠂ ᠪᠦᠬᠦ ᠲᠤᠭᠤᠷᠢᠭ ᠤᠨ ᠥᠷᠭᠡᠨ ᠣᠯᠠᠨ ᠠᠷᠠᠳ ᠲᠦᠮᠡᠨ ᠢ ᠳᠠᠶᠢᠴᠢᠯᠠᠨ ︽ᠬᠤᠶᠠᠷ ᠬᠤᠲᠠ ᠶᠢ | ᠬᠤᠯᠪᠣᠭᠠᠯᠠᠨ ᠴᠣᠭᠴᠠᠯᠠᠬᠤ︾ ᠠᠵᠢᠯᠯᠠᠭ᠎ᠠ ᠳᠤ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢ | ᠡᠭᠦᠳᠦᠨ ᠪᠠᠶᠢᠭᠤᠯᠬᠤ ᠶᠢ ᠳᠡᠮᠵᠢᠬᠤ ᠶᠢᠨ ᠲᠤᠰᠲᠠ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ᠪᠣᠯᠪᠠᠰᠤᠨ ᠬᠤᠲᠠ ᠶᠢ ᠪᠦᠳᠦᠭᠡᠨ ᠪᠠᠶᠢᠭᠤᠯᠬᠤ ᠠᠯᠪᠠᠨ ᠭᠡᠷ ᠠᠴᠠ ᠭᠤᠤᠯᠯᠠᠨ ᠡᠷᠬᠢᠯᠡᠭᠰᠡᠨ ︽︿ᠬᠤᠶᠠᠷ | ᠬᠤᠲᠠ ᠶᠢ ᠬᠤᠯᠪᠣᠭᠠᠯᠠᠨ ᠴᠣᠭᠴᠠᠯᠠᠬᠤ﹀ ᠳᠤ ᠬᠦᠴᠦ ᠨᠡᠮᠡᠷᠢᠯᠡᠵᠦ ᠪᠣᠯᠪᠠᠰᠤᠨ ᠶᠣᠰᠣᠷᠬᠠᠭ ᠤᠳᠠ ᠶᠢᠨ ᠬᠥᠮᠥᠨ | ᠪᠣᠯᠬᠤ ᠬᠡᠷᠡᠭᠲᠡᠶ︾ ᠭᠡᠰᠡᠨ ᠲᠣᠭᠯᠠᠯᠲᠠ 7 ᠰᠠᠷ᠎ᠠ ᠶᠢᠨ 6 ᠤ ᠣᠷᠣᠢ ᠤᠳᠠ ᠲᠣᠭᠤᠷᠢᠭ ᠤᠨ ᠶᠦᠩ ᠴᠠᠩ ᠵᠢᠶᠠ | ᠶᠤᠸᠠᠨ ᠳᠤ ᠬᠥᠷ ᠬᠥᠭᠵᠢᠶᠡᠨ ᠲᠠᠢ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠳᠤ ᠤᠷᠠᠨ ᠰᠠᠶᠢᠬᠠᠨ ᠤ ᠲᠣᠭᠯᠠᠯᠲᠠ ᠪᠣᠯᠤᠨ ᠪᠣᠯᠪᠠᠰᠤᠨ ᠬᠤᠲᠠ ᠶᠢ | ᠡᠭᠦᠳᠬᠦ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠤᠶᠠᠷ ᠠᠭᠤᠯᠭ᠎ᠠ ᠪᠠᠭᠲᠠᠵᠤ᠂ ︽ᠭᠤᠸ᠎ᠠ ᠰᠠᠶᠢᠬᠠᠨ | ᠠᠭᠤᠯᠠ ᠤᠰᠤᠨ︾ ᠭᠡᠬᠦ ᠡᠬᠢᠯᠡᠯᠲᠡ ᠶᠢᠨ ᠪᠥᠵᠢᠭ ᠢᠶᠠᠷ ᠡᠬᠢᠯᠡᠭᠦᠯᠵᠦ᠂ ᠬᠦᠷ ᠬᠦᠭᠵᠢᠶᠡᠨ ᠲᠠᠢ ᠠᠬᠤᠶ | ᠲᠠᠯᠠᠪᠠᠢ ᠶᠢᠨ ᠠᠭᠤᠷ ᠠᠮᠢᠰᠬᠤᠯ ᠢ ᠪᠣᠶ ᠪᠣᠯᠭᠠᠪᠠ᠃ | ᠡᠨᠡ ᠤᠳᠠᠭᠠᠨ ᠤ ᠠᠵᠢᠯᠯᠠᠭ᠎ᠠ ᠨᠢ ᠪᠦᠬᠦ ᠲᠣᠭᠤᠷᠢᠭ ᠤᠨ ᠥᠷᠭᠡᠨ ᠣᠯᠠᠨ ᠠᠷᠠᠳ ᠲᠦᠮᠡᠨ ᠤ ᠪᠣᠯᠪᠠᠰᠤᠨ | ᠬᠤᠲᠠ ᠶᠢ ᠴᠣᠭᠴᠠᠯᠠᠬᠤ ᠠᠵᠢᠯ ᠳᠤ ᠣᠷᠣᠯᠴᠠᠬᠤ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠪᠣᠯᠪᠠᠰᠤᠨ | ᠬᠤᠲᠠ ᠶᠢᠨ ᠠᠷᠠᠳ ᠪᠣᠯᠬᠤ ᠪᠠᠷ ᠴᠢᠷᠮᠠᠶᠢᠬᠤ ᠤᠬᠠᠮᠰᠠᠷᠲᠤ ᠴᠢᠨᠠᠷ ᠢ ᠴᠢᠩᠭᠠᠳᠬᠠᠵᠤ᠂ ᠪᠦᠬᠦ ᠠᠷᠠᠳ ᠢᠶᠠᠷ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠬᠤᠲᠠ ᠶᠢᠨ ᠠᠷᠠᠳ ᠨᠢᠭᠡᠪᠦᠷᠢ ᠶᠢᠨ ᠵᠠᠶᠢᠯᠠᠭᠤᠯᠵᠤ ᠪᠣᠯᠤᠰᠢ | ᠦᠭᠡᠢ ᠬᠠᠷᠢᠭᠤᠴᠠᠯᠭ᠎ᠠ ᠪᠠ ᠡᠭᠦᠷᠭᠡ ᠮᠥᠨ ᠭᠡᠰᠡᠨ ᠢᠲᠡᠭᠡᠯ ᠵᠣᠷᠢᠭ ᠢ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠳᠤ | ᠬᠠᠮᠲᠤ ︽ᠬᠤᠶᠠᠷ ᠬᠤᠲᠠ ᠶᠢ ᠬᠤᠯᠪᠣᠭᠠᠯᠠᠨ ᠴᠣᠭᠴᠠᠯᠠᠬᠤ︾ ᠠᠭᠤᠷ ᠠᠮᠢᠰᠬᠤᠯ ᠢ ᠨᠠᠩ ᠭᠦᠨ ᠵᠤᠵᠠᠭᠠᠨ | ᠪᠣᠯᠭᠠᠵᠠᠶ᠃ | | | | | | | | | |