【ᠬᠤᠶᠠᠷ ᠬᠤᠲᠠ ᠶᠢ ᠬᠤᠯᠪᠤᠭᠠᠯᠠᠨ ᠴᠣᠭᠴᠠᠯᠠᠬᠤ ᠠᠵᠢᠯ ᠶᠠᠪᠤᠭᠳᠠᠵᠤ ᠪᠠᠶᠢᠭ᠎ᠠ】ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠦ᠋ ᠬᠤᠩ ᠱᠦᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-07-06
       7 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ ᠦ᠋ ᠬᠤᠩ ᠱᠦᠨ ᠤᠳᠠ ᠲᠤᠭᠤᠷᠢᠭ ᠤᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠪᠠᠶᠢᠴᠠᠭᠠᠯᠲᠠ ᠶᠢᠨ ᠴᠡᠭ ᠤᠨ ᠠᠵᠢᠯ ᠤᠨ ᠠᠬᠢᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠯᠲᠠ ᠬᠢᠵᠦ᠂ ᠳᠡᠳ᠋ ᠲᠣᠭᠤᠷᠢᠭ ᠤᠨ ᠳᠠᠷᠤᠭ᠎ᠠ ᠭᠤᠤ ᠲᠢᠶᠧ ᠨᠠᠨ᠂ ᠮᠠ ᠫᠧᠩ ᠶᠠᠩ ᠬᠠᠮᠲᠤ ᠪᠠᠷ ᠪᠠᠶᠢᠴᠠᠭᠠᠨ  ᠰᠤᠳᠤᠯᠤᠯᠲᠠ ᠬᠢᠵᠡᠶ᠃        ᠡᠤ ᠬᠤᠩ ᠱᠦᠨ ᠨᠠᠷ ᠤᠷᠢᠳ ᠬᠤᠵᠢᠳ ᠱᠧᠩ ᠯᠢ ᠵᠡᠭᠦᠨ ᠵᠡᠭᠡᠯᠢ ᠶᠢᠨ ᠬᠤᠶᠠᠳᠤᠭᠠᠷ ᠵᠡᠭᠡᠯᠢ ᠲᠤᠭᠤᠷᠢᠭ᠂ ᠲᠤᠸᠠᠨ ᠵᠢᠶᠧ ᠡᠮᠦᠨ᠎ᠡ ᠵᠠᠮ ᠤᠨ ᠨᠢᠭᠡᠳᠦᠭᠡᠷ ᠬᠤᠶᠠᠳᠤᠭᠠᠷ ᠵᠡᠭᠡᠯᠢ ᠶᠢᠨ ᠪᠠᠶᠢᠰᠢᠩ ᠲᠣᠭᠤᠷᠢᠭ᠂ ᠢ ᠰᠢᠨ ᠪᠠᠭ᠎ᠠ ᠲᠣᠭᠤᠷᠢᠭ᠂ ᠰᠢᠶᠠᠩ ᠶᠦᠨ ᠵᠢᠤᠢ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ᠂ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠪᠠᠶᠢᠴᠠᠭᠠᠯᠲᠠ ᠶᠢᠨ ᠴᠡᠭ ᠤᠨ ᠴᠡᠭᠴᠡᠯᠡᠨ ᠵᠠᠰᠠᠭᠰᠠᠨ ᠪᠠᠶᠢᠳᠠᠯ ᠢ   ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃        ᠦ᠋ ᠬᠤᠩ ᠱᠦᠨ ᠵᠢᠭᠠᠵᠦ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠡᠷᠡᠭᠦᠯ ᠬᠠᠮᠠᠭᠠᠯᠠᠯ ᠤᠨ ᠬᠤᠲᠠ  ᠶᠢ ᠴᠤᠭᠴᠠᠯᠠᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠪᠣᠯᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠤᠯ ᠪᠤᠯᠭᠠᠨ᠂ ᠰᠠᠯᠠᠭ᠎ᠠ ᠮᠥᠴᠢᠷ ᠤᠨ ᠬᠤᠭᠤᠷᠤᠨᠳᠤᠬᠢ ᠬᠤᠯᠪᠣᠭᠠᠯᠠᠨ ᠬᠥᠳᠡᠯᠦᠯᠴᠡᠬᠦ ᠴᠢᠳᠠᠮᠵᠢ ᠪᠠᠨ ᠪᠠᠳᠠᠷᠠᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢᠶᠠᠨ ᠪᠦᠷᠢᠯᠳᠦᠭᠦᠯᠵᠦ᠂ ᠪᠦᠬᠦ ᠬᠦᠴᠦᠨ ᠢᠶᠠᠷ ᠡᠯ᠎ᠡ ᠵᠤᠶᠢᠯ ᠤᠨ ᠴᠤᠭᠴᠠᠯᠠᠨ ᠪᠠᠶᠢᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠲᠤᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢᠨ ᠲᠣᠭᠤᠷᠢᠨ ᠳᠤ ᠨᠠᠷᠢᠨ ᠳᠠᠩᠰᠠ ᠭᠠᠷᠭᠠᠨ᠂ ᠡᠬᠡ ᠳᠠᠩᠰᠠ ᠵᠢᠭᠰᠠᠭᠠᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ ᠂ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠂ ᠪᠠᠯᠠᠶ ᠣᠷᠣᠨ ᠪᠠ ᠥᠨᠴᠥᠭ ᠪᠤᠯᠤᠩ ᠢ ᠦᠯᠡᠳᠡᠭᠡᠯ ᠦᠭᠡᠢ ᠴᠡᠭᠴᠡᠯᠡᠨ᠂ ᠴᠤᠭᠴᠠᠯᠠᠨ ᠪᠠᠶᠢᠭᠤᠯᠬᠤ ᠠᠵᠢᠯ ᠢᠶᠠᠨ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠴᠤᠭᠴᠠᠯᠠᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠠᠷᠢᠯᠭ᠎ᠠ ᠶᠢᠨ ᠭᠠᠵᠠᠷ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠠᠬᠢᠴᠠ ᠪᠠᠨ ᠲᠦᠷᠭᠡᠳᠬᠡᠨ᠂ ᠡᠷᠡᠭᠦᠯ ᠬᠠᠮᠠᠭᠠᠯᠠᠯ ᠤᠨ ᠥᠨᠴᠥᠭ ᠪᠤᠯᠤᠩ ᠪᠦᠬᠦᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠡᠷᠡᠰ ᠨᠤᠷᠠᠭᠠᠵᠤ᠂ ᠴᠡᠪᠡᠷ ᠲᠡᠭᠰᠢ᠂ ᠡᠮᠬᠢ ᠳᠢᠭᠯᠢᠮ ᠲᠠᠢ ᠬᠤᠲᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号