ᠤᠳᠠ ᠲᠣᠭᠤᠷᠢᠭ ᠳᠤᠮᠳᠠᠳᠤ ᠤᠯᠤᠰ ᠤᠨ ᠬᠢᠮᠢ ᠶᠢᠨ ᠪᠣᠳᠠᠰ ᠤᠨ ᠨᠡᠶᠢᠭᠡᠮᠯᠢᠭ ᠠᠴᠠ ᠲᠤᠰᠬᠠᠶ ᠮᠡᠷᠭᠡᠵᠢᠯᠲᠡᠨ ᠢ ᠤᠷᠢᠵᠤ ᠠᠵᠤ ᠦᠢᠯᠡᠳᠪᠦᠷᠢ ᠶᠢᠨ ᠬᠦᠷᠢᠶᠡᠯᠡᠩ ᠤᠨ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠨ ᠵᠢᠯᠣᠭᠤᠳᠬᠤ ᠠᠵᠢᠯ  ᠶᠠᠪᠤᠭᠳᠠᠭᠤᠯᠪᠠ
ᠨᠡᠶᠢᠲᠡᠯᠡᠭᠰᠡᠨ ᠴᠠᠭ᠄
2019-07-08
       7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 5 ᠤ ᠡᠳᠦᠷ ᠪᠣᠯᠲᠠᠯ᠎ᠠ᠂ ᠤᠳᠠ ᠲᠣᠭᠤᠷᠢᠭ ᠳᠤᠮᠳᠠᠳᠤ ᠤᠯᠤᠰ ᠤᠨ ᠬᠢᠮᠢ ᠶᠢᠨ ᠪᠣᠳᠠᠰ ᠤᠨ ᠨᠡᠶᠢᠭᠡᠮᠯᠢᠭ ᠠᠴᠠ 10 ᠲᠤᠰᠬᠠᠶ ᠮᠡᠷᠭᠡᠵᠢᠯᠲᠡᠨ ᠢ ᠤᠷᠢᠵᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠠᠷᠪᠠᠨ ᠠᠶᠤᠯᠲᠤ ᠬᠢᠮᠢ ᠶᠢᠨ ᠡᠳ᠋ ᠤᠨ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠢ ᠪᠠᠶᠢᠴᠠᠭᠠᠨ ᠵᠢᠯᠣᠭᠤᠳᠬᠤ ᠠᠵᠢᠯ ᠦᠷᠨᠢᠭᠦᠯᠪᠡ᠃ ᠬᠢᠮᠢ ᠶᠢᠨ ᠪᠣᠳᠠᠰ ᠤᠨ ᠨᠡᠶᠢᠭᠡᠮᠯᠢᠭ ᠠᠴᠠ ᠠᠮᠤᠷ ᠲᠦᠪᠰᠢᠨ ᠤ ᠪᠠᠶᠢᠴᠠᠭᠠᠯᠲᠠ ᠶᠢᠨ ᠬᠦᠰᠦᠨᠦᠭᠲᠦ ᠶᠢ ᠲᠣᠭᠲᠠᠭᠠᠵᠤ᠂ ᠲᠣᠰ ᠪᠦᠷᠢ ᠰᠠᠭᠤᠷᠢ ᠠᠮᠤᠷ ᠲᠦᠪᠰᠢᠨ ᠤ ᠬᠠᠮᠢᠶᠠᠷᠤᠯᠲᠠ᠂ ᠲᠣᠨᠤᠭ ᠲᠥᠬᠦᠭᠡᠷᠦᠮᠵᠢ᠂ ᠤᠷ᠎ᠠ ᠮᠡᠷᠭᠡᠰᠢᠯ᠂ ᠭᠠᠯ ᠤᠨᠲᠠᠷᠠᠭᠠᠬᠤ ᠵᠡᠷᠭᠡ ᠲᠠᠯ᠎ᠠ ᠠᠴᠠ ᠤᠳᠠ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ ᠪᠠᠶᠢᠴᠠᠭᠠᠯᠲᠠ ᠪᠠ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠠᠵᠤ ᠠᠬᠤᠶᠢᠯᠠᠯ ᠠᠮᠤᠷ ᠲᠦᠪᠰᠢᠨ ᠤ ᠬᠢᠷᠢ ᠲᠦᠪᠰᠢᠨ ᠢᠶᠠᠨ ᠮᠥᠨ ᠴᠢᠨᠠᠷ ᠠᠴᠠ ᠳᠡᠭᠡᠭᠰᠢᠯᠡᠭᠦᠯᠬᠦ ᠶᠢ ᠠᠬᠢᠭᠤᠯᠵᠤ᠂ ᠤᠳᠠ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠬᠡᠯᠪᠡᠷᠢ ᠶᠢᠨ ᠲᠣᠭᠲᠠᠭᠤᠨ ᠢᠶᠠᠷ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠠᠶ᠃
 
ᠢᠷᠡᠯᠲᠡ᠄ ᠤᠳᠠ ᠲᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号