ᠤᠳᠠ ᠲᠣᠭᠤᠷᠢᠭ ᠠᠴᠠ ︽  ᠭᠠᠨᠢ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠤᠬᠡᠳ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠥᠮᠦᠰ ᠢ ᠬᠠᠯᠠᠮᠵᠢᠯᠠᠨ ᠬᠠᠶᠢᠷᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-08-14
       ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠪᠰᠤᠷᠤᠨ ᠲᠡᠳᠬᠦᠬᠦ ᠠᠵᠢᠯ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠠᠪᠰᠤᠷᠤᠨ ᠲᠡᠳᠬᠦᠵᠦ ᠬᠠᠮᠲᠤᠪᠠᠷ ᠪᠠᠶᠢᠭᠤᠯᠬᠤ᠂ ᠨᠡᠶᠢᠭᠡᠮ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠶᠠᠳᠠᠭᠤ ᠬᠦᠴᠢᠷᠳᠡᠯᠲᠡᠶ ᠨᠡᠶᠢᠲᠡ ᠴᠣᠭᠴᠠ ᠶᠢᠨ ᠠᠰᠠᠭᠤᠳᠠᠯ ᠢ ᠴᠢᠳᠠᠬᠤ ᠶᠢᠨ ᠬᠢᠷᠢ ᠪᠠᠷ ᠰᠢᠢᠳᠪᠦᠷᠢᠯᠡᠬᠦ ᠶᠢᠨ ᠲᠥᠯᠥᠭᠡ᠂ ᠤᠳᠠ ᠲᠣᠭᠤᠷᠢᠭ ᠠᠴᠠ 8 ᠰᠠᠷ᠎ᠠ ᠶᠢᠨ 7 ᠤ ᠡᠳᠦᠷ ︽ᠭᠠᠨᠢ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠤᠬᠡᠳ ᠪᠣᠯᠤᠨ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠬᠥᠮᠦᠰ ᠢ ᠬᠠᠯᠠᠮᠵᠢᠯᠠᠨ ᠬᠠᠶᠢᠷᠠᠯᠠᠬᠤ︾ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠡᠷᠡᠭ ᠡᠷᠬᠢᠯᠡᠬᠦ ᠭᠠᠵᠠᠷ ᠤᠨ ᠠᠵᠢᠯᠲᠠᠳ ᠠᠴᠠ ᠬᠦᠴᠢᠷᠳᠡᠯᠲᠡᠶ ᠨᠡᠶᠢᠲᠡ ᠴᠣᠭᠴᠠ ᠳᠤ ᠠᠮᠤ ᠪᠤᠳᠠᠭ᠎ᠠ ᠂ ᠲᠣᠰᠣ ᠵᠡᠷᠭᠡ ᠲᠣᠬᠤᠨᠢᠭᠤᠯᠬᠤ ᠡᠳ᠋ ᠬᠦᠷᠭᠡᠪᠡ᠃ ᠬᠠᠯᠠᠮᠵᠢᠯᠠᠨ ᠲᠤᠰᠠᠯᠠᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠤᠳᠠ ᠲᠣᠭᠤᠷᠢᠭ ᠤᠨ ᠬᠦᠴᠢᠷᠳᠡᠯᠲᠡᠶ ᠬᠥᠮᠦᠰ᠂ ᠭᠠᠨᠢ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠤᠬᠡᠳ ᠪᠣᠯᠤᠨ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠬᠥᠮᠦᠰ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠪᠠᠨ ᠭᠦᠢᠴᠡᠳ  ᠢᠯᠡᠷᠡᠭᠦᠯᠵᠦ᠂ ᠥᠷᠭᠡᠨ ᠣᠯᠠᠨ ᠪᠠᠭᠤᠷᠠᠶ ᠬᠥᠮᠦᠰ ᠲᠤ ᠨᠢᠭᠡᠨ ᠢᠳᠡᠪᠬᠢᠲᠡᠢ᠂ ᠪᠠᠶᠠᠰᠤᠩᠭᠤᠶ᠂ ᠥᠭᠡᠳᠡᠷᠬᠡᠭ ᠡᠶ᠎ᠡ ᠵᠣᠬᠢᠴᠠᠯ ᠲᠠᠢ ᠤᠷᠴᠢᠨ ᠲᠤᠭᠤᠷᠢᠨ ᠢ ᠪᠤᠢ ᠪᠣᠯᠭᠠᠵᠤ ᠥᠭᠴᠡᠶ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号