ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠳᠠ ᠲᠣᠭᠤᠷᠢᠭ ᠤᠨ ᠠᠵᠤ ᠠᠬᠤᠶᠢᠯᠠᠯ ᠳᠤ ᠬᠦᠷᠴᠦ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠥᠨᠳᠥᠷ ᠬᠠᠯᠠᠭᠤᠨ ᠳᠤ ᠠᠵᠢᠯᠯᠠᠵᠤ ᠪᠠᠶᠢᠭ᠎ᠠ ᠡᠮᠦᠨ᠎ᠡ ᠹᠷᠣᠨᠲ ᠤᠨ ᠠᠵᠢᠯᠲᠠᠨ  ᠢ ᠲᠣᠬᠤᠨᠢᠭᠤᠯᠪᠠ
ᠨᠡᠶᠢᠲᠡᠯᠡᠭᠰᠡᠨ ᠴᠠᠭ᠄
2019-08-14
       8 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠹᠧᠩ ᠵᠢᠶᠠ ᠵᠢᠤᠢ ᠨᠠᠷ ᠤᠳᠠ ᠲᠣᠭᠤᠷᠢᠭ ᠤᠨ ᠥᠪᠥᠷ ᠮᠣᠩᠭᠤᠯ ᠤᠨ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠦᠷᠨᠢᠭᠦᠯᠬᠦ ᠶᠢᠨ ᠬᠠᠮᠲᠤ ᠲᠤᠭᠤᠨᠢᠭᠤᠯᠬᠤ ᠠᠵᠢᠯ ᠦᠷᠨᠢᠭᠦᠯᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠦᠨᠳᠦᠰᠦᠨ ᠱᠠᠲᠤᠨ ᠤ ᠠᠵᠤ ᠠᠬᠤᠶᠢᠯᠠᠯ ᠳᠤ ᠬᠦᠷᠴᠦ᠂ ᠨᠢᠭᠡᠳᠦᠭᠡᠷ ᠹᠷᠣᠨᠲ ᠤᠨ ᠠᠵᠢᠯᠴᠢᠨ ᠳᠤ ᠲᠣᠬᠤᠨᠢᠭᠤᠯᠬᠤ ᠡᠳ᠋ ᠲᠦᠭᠡᠭᠡᠵᠦ ᠥᠭᠭᠦᠭᠰᠡᠨ ᠪᠥᠭᠡᠳ ᠠᠵᠤ ᠠᠬᠤᠶᠢᠯᠠᠯ ᠳᠤ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠹᠧᠩ ᠲᠡᠷᠢᠭᠦᠯᠡᠭᠴᠢ ᠨᠠᠷ ᠠᠴᠠ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠠᠵᠢᠯᠲᠠᠨ ᠲᠠᠢ ᠳᠣᠲᠣᠨᠣ ᠪᠠᠷ ᠶᠠᠷᠢᠯᠴᠠᠵᠤ ᠂ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠣᠯᠤᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠰᠠᠭᠤᠳᠠᠯ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号