ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠪᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠴᠢᠨᠠᠷ ᠰᠠᠶᠢᠲᠠᠶ ᠦᠢᠯᠡᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2019-08-15
       ᠰᠢᠨ᠎ᠡ ᠨᠢᠭᠡᠨ ᠡᠭᠡᠯᠵᠢ ᠶᠢᠨ ᠳᠠᠬᠢᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠨ᠂ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢ ᠪᠦᠲᠦᠮᠵᠢᠲᠡᠶ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠠᠵᠢᠯ ᠢ ᠲᠦᠷᠭᠡᠪᠴᠢᠯᠡᠨ ᠠᠬᠢᠭᠤᠯᠬᠤ ᠶᠢᠨ ᠲᠥᠯᠥᠭᠡ᠂ ᠤᠳᠠ ᠲᠣᠭᠤᠷᠢᠭ 8 ᠰᠠᠷ᠎ᠠ ᠶᠢᠨ 7 ᠤ ᠡᠳᠦᠷ ︽ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ  ᠪᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠴᠢᠨᠠᠷ ᠰᠠᠶᠢᠲᠠᠶ ᠦᠢᠯᠡᠴᠢᠯᠡᠭᠡ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠨᠢ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠪᠠ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ 200 ᠭᠠᠷᠤᠶ ᠠᠰᠠᠭᠤᠯᠲᠠ ᠶᠢ ᠲᠤᠬᠠᠶ ᠶᠢᠨ ᠲᠠᠯᠠᠪᠠᠢ ᠳᠤ ᠨᠢ ᠬᠠᠷᠢᠭᠤᠯᠪᠠ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠠᠷᠠᠳ ᠣᠯᠠᠨ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠤᠶᠢᠯᠭᠠᠭᠤᠯᠵᠤ᠂ ᠠᠵᠢᠯ ᠤᠯᠬᠤ ᠨᠣᠷᠮ᠎ᠠ ᠶᠢ  ᠪᠦᠲᠦᠮᠵᠢᠲᠡᠶ ᠳᠡᠭᠡᠭᠰᠢᠯᠡᠭᠦᠯᠵᠦ᠂ ᠤᠳᠠ ᠲᠣᠭᠤᠷᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠲᠤᠶᠢᠯ ᠤᠨ ᠶᠡᠭᠡ ᠠᠴᠢ ᠬᠤᠯᠪᠣᠭᠳᠠᠯ ᠲᠠᠢ ᠪᠤᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号