2019 ᠣᠨ ᠠᠴᠠ ᠨᠠᠰᠢ᠂ ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠬᠦᠴᠦᠯᠡᠨ | ᠪᠣᠳᠠᠲᠠᠶᠢᠵᠢᠭᠤᠯᠵᠤ᠂ ᠨᠠᠮ ᠤᠨ ᠳᠦᠷᠢᠮ ᠪᠣᠯᠤᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠴᠢᠳᠠᠪᠬᠢ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠤᠯᠤᠰ ᠲᠥᠷᠦ ᠶᠢᠨ ᠰᠠᠬᠢᠯᠭ᠎ᠠ ᠪᠠᠲᠤ᠂ ᠤᠯᠤᠰ | ᠲᠥᠷᠦ ᠶᠢᠨ ᠶᠣᠰᠣ ᠳᠦᠷᠢᠮ ᠢ ᠴᠢᠩᠳᠠᠯᠠᠵᠤ᠂ ᠢᠮᠠᠭᠲᠠ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ | ᠢᠯᠵᠠᠷᠠᠬᠤ ᠶᠢ ᠪᠤᠳᠤᠬᠤ ᠦᠭᠡᠢ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠪᠠ᠃ 1 ᠰᠠᠷ᠎ᠠ ᠠᠴᠠ 7 ᠰᠠᠷ᠎ᠠ ᠪᠣᠯᠲᠠᠯ᠎ᠠ᠂ 37 ᠬᠤᠪᠢ ᠬᠡᠷᠡᠭ ᠢ ᠳᠠᠩᠰᠠᠯᠠᠵᠤ᠂ | ᠠᠳᠠᠯᠢ ᠬᠤᠭᠤᠴᠠᠭᠠᠨ ᠤ ᠬᠢ ᠠᠴᠠ 131.25 % ᠪᠠᠷ ᠨᠡᠮᠡᠭᠳᠡᠪᠡ︔ 24 ᠬᠤᠪᠢ ᠬᠡᠷᠡᠭ ᠢ ᠳᠠᠭᠤᠰᠬᠠᠵᠤ᠂ | ᠠᠳᠠᠯᠢ ᠬᠤᠭᠤᠴᠠᠭᠠᠨ ᠤ ᠬᠢ ᠠᠴᠠ 166.67 % ᠪᠠᠷ ᠨᠡᠮᠡᠭᠳᠡᠪᠡ︔ 24 ᠬᠥᠮᠦᠨ ᠳᠤ ᠰᠢᠢᠳᠬᠡᠯ ᠥᠭᠴᠦ᠂ | ᠠᠳᠠᠯᠢ ᠬᠤᠭᠤᠴᠠᠭᠠᠨ ᠤ ᠬᠢ ᠠᠴᠠ 200 % ᠪᠠᠷ ᠨᠡᠮᠡᠭᠳᠡᠵᠡᠶ᠃ | ᠨᠢᠭᠡ ᠳᠤ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠣᠭᠲᠠᠭᠠᠯ ᠶᠣᠰᠣᠭᠠᠷ ᠢᠯᠡᠴᠢᠯᠡᠨ | ᠮᠡᠳᠡᠭᠦᠯᠵᠦ᠂ ᠵᠢᠭᠤᠷᠠᠯᠳᠤᠭᠠᠨ ᠢ ᠰᠢᠢᠳᠪᠦᠷᠢᠯᠡᠪᠡ᠃ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠬᠢᠨᠠᠯᠲᠠ ᠲᠠᠯᠪᠢᠭᠳᠠᠬᠤ ᠡᠲᠡᠭᠡᠳ ᠤᠨ ᠬᠦᠷᠢᠶ᠎ᠡ ᠬᠡᠪᠴᠢᠶ᠎ᠡ᠂ ᠵᠠᠬᠢᠳᠠᠯ ᠰᠤᠷᠪᠤᠯᠵᠢᠯᠠᠭ᠎ᠠ ᠶᠢᠨ | ᠵᠤᠶᠢᠯᠠᠰ ᠢ ᠬᠦᠯᠢᠶᠡᠨ ᠠᠪᠴᠤ ᠰᠢᠢᠳᠪᠦᠷᠢᠯᠡᠵᠦ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ ᠵᠡᠷᠭᠡ ᠠᠭᠤᠯᠭ᠎ᠠ ᠶᠢ ︽ | ᠤᠳᠠ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠵᠠᠷ︾ ᠪᠣᠯᠭᠠᠨ ᠨᠠᠶᠢᠷᠠᠭᠤᠯᠵᠤ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶ᠎ᠡ᠂ ᠵᠢᠷᠭᠢᠶ᠎ᠡ ᠶᠢᠨ ᠣᠯᠠᠨ ᠨᠡᠶᠢᠲᠡ ᠶᠢᠨ ᠳ᠋ᠤᠭᠠᠷ | ᠳᠡᠭᠡᠷ᠎ᠡ ᠨᠡᠶᠢᠲᠡᠯᠡᠬᠦ ᠶᠢᠨ ᠬᠠᠮᠲᠤ ᠪᠦᠬᠦ ᠣᠷᠣᠨ ᠤ ᠬᠡᠪᠴᠢᠶᠡᠨ ᠳᠤ ᠳᠡᠯᠭᠡᠨ ᠨᠠᠭᠠᠵᠤ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠳᠦᠷᠢᠮ ᠲᠣᠭᠲᠠᠭᠠᠯ ᠶᠣᠰᠣᠭᠠᠷ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠨᠢ | ᠬᠠᠤᠯᠢ ᠶᠣᠰᠣᠭᠠᠷ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ︽ᠳᠣᠷᠣᠭᠰᠢ ᠪᠠᠭᠤᠵᠤ ᠰᠤᠷᠪᠤᠯᠵᠢᠯᠠᠬᠤ︾ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠶ ᠲᠤᠤᠱᠯᠠᠭᠤᠯᠤᠨ ᠨᠡᠶᠢᠳᠡᠪᠦᠷᠢᠵᠢᠭᠤᠯᠬᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠬᠡᠷᠡᠭᠵᠢᠭᠦᠯᠬᠦ ᠲᠥᠰᠦᠯ ᠨᠡᠶᠢᠲᠡᠯᠡᠵᠦ᠂ ᠠᠵᠢᠯ ᠤᠨ ᠡᠬᠡ ᠳᠠᠩᠰᠠ ᠪᠠᠶᠢᠭᠤᠯᠤᠨ᠂ ᠠᠵᠢᠯ ᠤᠨ ᠪᠦᠲᠦᠮᠵᠢᠲᠡᠶ | ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠨᠡ ᠵᠢᠯ ᠠᠴᠠ ᠨᠠᠰᠢ᠂ ᠵᠠᠬᠢᠳᠠᠯ ᠰᠤᠷᠪᠤᠯᠵᠢᠯᠠᠭ᠎ᠠ ᠢᠯᠡᠴᠢᠯᠡᠨ | ᠮᠡᠳᠡᠭᠦᠯᠦᠯᠲᠡ ᠶᠢ ᠨᠡᠶᠢᠲᠡ 70 ᠬᠤᠪᠢ ᠬᠦᠯᠢᠶᠡᠨ ᠠᠪᠴᠤ᠂ ᠡᠭᠦᠨ ᠤ ᠳᠤ ᠳᠣᠲᠣᠷ᠎ᠠ ᠲᠤᠬᠠᠶᠢᠯᠠᠭᠰᠠᠨ ᠠᠵᠢᠯ ᠤᠨ | ᠳᠣᠲᠣᠷ᠎ᠠ 24 ᠬᠤᠪᠢ ᠨᠢ ᠠᠰᠠᠭᠤᠳᠠᠯ ᠤᠨ ᠰᠦᠪᠡᠭᠴᠢ ᠪᠣᠯᠵᠤ ᠪᠦᠷᠢᠯᠳᠦᠭᠰᠡᠨ ᠪᠠᠶᠢᠨ᠎ᠠ᠃ | ᠬᠤᠶᠠᠷ ᠲᠤ᠂ ᠬᠢᠨᠠᠨ ᠪᠠᠶᠢᠴᠠᠭᠠᠯᠲᠠ ᠬᠢᠬᠦ ᠠᠵᠢᠯ ᠢ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ | ᠬᠠᠤᠯᠢ ᠬᠡᠷᠡᠭᠵᠢᠭᠦᠯᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2019 ᠣᠨ ᠠᠴᠠ | ᠨᠠᠰᠢ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢᠮᠠᠭᠲᠠ ︽ | ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠬᠡᠷᠡᠭ ᠰᠢᠢᠳᠪᠦᠷᠢᠯᠡᠬᠦ᠂ ᠲᠤᠰᠬᠠᠶ ᠬᠥᠮᠦᠨ ᠲᠤᠰᠬᠠᠶ ᠬᠡᠷᠡᠭ | ᠰᠢᠢᠳᠪᠦᠷᠢᠯᠡᠬᠦ᠂ ᠰᠣᠯᠪᠢᠴᠠᠨ ᠬᠡᠷᠡᠭ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠢᠬᠢᠷ ᠰᠢᠬᠢᠷ ᠢᠯᠠᠯᠲᠠ ᠶᠢ ᠪᠠᠬᠢᠵᠢᠭᠦᠯᠪᠡ᠃ ᠣᠳᠣᠬᠠᠨ ᠪᠣᠯᠲᠠᠯ᠎ᠠ᠂ ᠨᠡᠶᠢᠲᠡ 38 | ᠠᠰᠠᠭᠤᠳᠠᠯ ᠤᠨ ᠰᠦᠪᠡᠭᠴᠢ ᠶᠢ ᠬᠦᠯᠢᠶᠡᠨ ᠠᠪᠴᠤ ᠰᠢᠢᠳᠪᠦᠷᠢᠯᠡᠵᠦ᠂ 31 ᠬᠡᠷᠡᠭ ᠢ ᠰᠢᠢᠳᠪᠦᠷᠢᠯᠡᠵᠦ᠂ 28 | ᠬᠡᠷᠡᠭ ᠢ ᠠᠩᠬ᠎ᠠ ᠬᠢᠨᠠᠨ ᠬᠠᠷᠭᠤᠭᠤᠯᠵᠤ᠂ 3 ᠬᠡᠷᠡᠭ ᠢ ᠵᠠᠬᠢᠳᠠᠯ ᠢᠶᠠᠷ ᠠᠰᠠᠭᠤᠪᠠ᠃ 37 ᠬᠤᠪᠢ ᠶᠢ ᠨᠢ ᠬᠡᠷᠡᠭ | ᠪᠣᠯᠭᠠᠨ ᠳᠠᠩᠰᠠᠯᠠᠵᠤ᠂ ᠠᠳᠠᠯᠢ ᠬᠤᠭᠤᠴᠠᠭᠠᠨ ᠤ ᠬᠢ ᠠᠴᠠ 131.25 % ᠪᠠᠷ ᠨᠡᠮᠡᠭᠳᠡᠪᠡ︔ 24 ᠬᠤᠪᠢ | ᠬᠡᠷᠡᠭ ᠢ ᠳᠠᠭᠤᠰᠬᠠᠵᠤ᠂ ᠠᠳᠠᠯᠢ ᠬᠤᠭᠤᠴᠠᠭᠠᠨ ᠤ ᠬᠢ ᠠᠴᠠ 166.67 % ᠪᠠᠷ᠎ᠠ ᠨᠡᠮᠡᠭᠳᠡᠪᠡ︔ 24 | ᠬᠥᠮᠦᠨ ᠳᠤ ᠰᠢᠢᠳᠬᠡᠯ ᠥᠭᠴᠦ᠂ ᠠᠳᠠᠯᠢ ᠬᠤᠭᠤᠴᠠᠭᠠᠨ ᠤ ᠬᠢ ᠠᠴᠠ 200 % ᠪᠠᠷ ᠨᠡᠮᠡᠭᠳᠡᠵᠡᠶ᠃ | ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶ ᠭᠦᠢᠴᠡᠳᠬᠡᠵᠦ᠂ ᠬᠠᠤᠯᠢ ᠶᠣᠰᠣᠭᠠᠷ | ᠠᠮᠤᠷ ᠲᠦᠪᠰᠢᠨ ᠪᠣᠯᠪᠠᠰᠤᠨ ᠢᠶᠠᠷ ᠬᠡᠷᠡᠭ ᠰᠢᠢᠳᠪᠦᠷᠢᠯᠡᠪᠡ᠃ 2019 ᠣᠨ ᠳᠤ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠷᠢᠳ ᠬᠤᠵᠢᠳ ︽ᠠᠰᠠᠭᠤᠳᠠᠯ ᠤᠨ ᠰᠦᠪᠡᠭᠴᠢ ᠶᠢ | ᠬᠠᠮᠲᠤ ᠪᠠᠷ ᠪᠠᠶᠢᠴᠠᠭᠠᠬᠤ ᠲᠤᠰᠬᠠᠶ ᠰᠡᠳᠦᠪᠲᠦ ᠬᠤᠷᠠᠯ ᠤᠨ ᠳᠦᠷᠢᠮ︾᠂ ︽ᠰᠠᠬᠢᠯᠭ᠎ᠠ ᠪᠠᠲᠤ ᠬᠡᠷᠡᠭᠵᠢᠭᠦᠯᠵᠦ | ᠬᠢᠨᠠᠯᠲᠠ ᠲᠠᠯᠪᠢᠬᠤ ᠲᠤᠰᠬᠠᠶ ᠰᠡᠳᠦᠪᠲᠦ ᠬᠤᠷᠠᠯ ᠤᠨ ᠳᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠬᠦ ᠶᠢᠨ ᠬᠠᠮᠲᠤ ᠵᠠᠳᠠᠯᠤᠯᠲᠠ ᠬᠢᠬᠦ ᠶᠢ ᠬᠡᠷᠡᠭᠵᠢᠭᠦᠯᠵᠦ᠂ | ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠬᠦ ᠳᠡᠰ ᠳᠠᠷᠠᠭᠠᠯᠠᠯ ᠵᠢᠴᠢ ᠰᠢᠢᠳᠪᠦᠷᠢᠯᠡᠬᠦ ᠠᠷᠭ᠎ᠠ ᠬᠡᠯᠪᠡᠷᠢ ᠶᠢ ᠪᠦᠬᠦ | ᠲᠠᠯ᠎ᠠ ᠪᠠᠷ ᠵᠢᠷᠤᠮᠵᠢᠭᠤᠯᠪᠠ᠃ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ ᠭᠤᠭᠴᠤᠭ᠎ᠠ ᠳᠤ᠂ ︽ᠤᠳᠠ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠶᠠᠷᠢᠯᠴᠠᠬᠤ ᠪᠠ | ᠵᠠᠬᠢᠳᠠᠯ ᠢᠶᠠᠷ ᠠᠰᠠᠭᠤᠬᠤ ᠰᠤᠭᠤᠴᠢᠨ ᠪᠠᠶᠢᠴᠠᠭᠠᠬᠤ ᠠᠵᠢᠯ ᠤᠨ ᠳᠦᠷᠢᠮ︾ ᠢ ᠲᠣᠭᠲᠠᠭᠠᠵᠤ᠂ ᠳᠡᠭᠡᠷ᠎ᠡ ᠵᠢᠯ ᠤᠨ | ᠪᠣᠶ ᠪᠦᠬᠦᠢ ᠶᠠᠷᠢᠯᠴᠠᠬᠤ ᠪᠠ ᠵᠠᠬᠢᠳᠠᠯ ᠢᠶᠠᠷ ᠠᠰᠠᠭᠤᠬᠤ ᠬᠡᠷᠡᠭ ᠢ 50 % ᠠᠴᠠ ᠳᠣᠤᠷ᠎ᠠ ᠦᠭᠡᠢ ᠬᠠᠷᠢᠴᠠᠯ ᠢᠶᠠᠷ | ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠵᠤ᠂ ᠠᠰᠠᠭᠤᠳᠠᠯ ᠤᠨ ᠰᠦᠪᠡᠭᠴᠢ ᠶᠢᠨ ︽ᠨᠢᠭᠡ ᠯᠠ ᠵᠠᠬᠢᠳᠠᠯ ᠢᠶᠠᠷ | ᠪᠠᠷᠭᠠᠬᠤ︾ ︽ᠨᠢᠭᠡ ᠯᠠ ᠤᠳᠠᠭ᠎ᠠ ᠶᠠᠷᠢᠯᠴᠠᠬᠤ︾ ᠪᠠᠶᠢᠳᠠᠯ ᠭᠠᠷᠬᠤ ᠶᠢ ᠬᠦᠴᠦᠯᠡᠨ ᠰᠡᠷᠭᠡᠶᠢᠯᠡᠪᠡ᠃ |