8 ᠰᠠᠷ᠎ᠠ ᠶᠢᠨ 13 ᠤ ᠡᠳᠦᠷ᠂ ᠪᠢᠨ ᠬᠠᠢ ᠵᠢᠶᠠ ᠶᠤᠸᠠᠨ ᠨᠡᠶᠢᠭᠡᠮ ᠲᠣᠭᠤᠷᠢᠭ ᠤᠨ ᠬᠤᠶᠠᠷ ᠰᠠᠭᠤᠭᠠᠯᠢ | ᠠᠷᠠᠳ ᠲᠦᠭᠡᠭᠡᠯ ᠤᠰᠤᠨ ᠤ ᠺᠣᠮᠫᠠᠨᠢ ᠳᠤ ᠬᠤᠶᠠᠷ ᠬᠤᠪᠢ ︽ᠮᠠᠭᠲᠠᠭᠠᠯ ᠰᠠᠶᠢᠰᠢᠶᠠᠯ︾ ᠢᠶᠠᠨ ᠳᠡᠪᠰᠢᠭᠦᠯᠪᠡ᠃ | ᠨᠢᠭᠡ ᠬᠤᠪᠢ ᠨᠢ ᠤᠯᠠᠭᠠᠨ ᠴᠠᠭᠠᠰᠤᠨ ᠳᠡᠭᠡᠷ᠎ᠡ ᠳᠠᠷᠤᠮᠠᠯᠯᠠᠭᠰᠠᠨ ᠦᠭᠡ ᠬᠡᠯᠡ ᠨᠢ ᠪᠣᠷᠣᠭᠵᠢᠭᠤᠨ ᠪᠣᠯᠪᠠᠴᠤ ᠬᠠᠶᠢᠷ᠎ᠠ | ᠰᠡᠳᠬᠢᠯᠭᠡ ᠨᠢ ᠦᠨᠡᠨ ᠪᠣᠳᠠᠲᠠᠶ ᠲᠠᠯᠠᠷᠬᠠᠯ ᠤᠨ ᠵᠠᠬᠢᠳᠠᠯ᠂ ᠨᠥᠭᠦᠭᠡ ᠨᠢᠭᠡ ᠬᠤᠪᠢ ᠨᠢ ︽ᠪᠠᠭ᠎ᠠ ᠲᠣᠭᠤᠷᠢᠭ ᠤᠨ | ᠤᠰᠤᠨ ᠬᠤᠭᠤᠯᠠᠢ ᠶᠢ ᠥᠭᠡᠷᠡᠴᠢᠯᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ︾ ᠬᠡᠮᠡᠷᠯᠢᠭ ᠲᠤᠭ | ᠪᠤᠯᠤᠨ᠎ᠠ᠃ | ᠲᠠᠯᠠᠷᠬᠠᠯ ᠤᠨ ᠵᠠᠬᠢᠳᠠᠯ ᠢ ᠬᠦᠷᠭᠡᠬᠦ ᠦᠶ᠎ᠡ ᠳᠤ᠂ 80 ᠨᠠᠰᠤᠲᠠᠶ ᠫᠠᠩ ᠴᠢᠩ ᠰᠢ ᠲᠦᠭᠡᠭᠡᠯ ᠤᠰᠤᠨ ᠤ | ᠺᠣᠮᠫᠠᠨᠢ ᠶᠢᠨ ᠨᠥᠬᠦᠳ ᠲᠤ ᠡᠷᠡᠬᠡᠢ ᠬᠤᠷᠤᠭᠤ ᠪᠠᠨ ᠭᠠᠷᠭᠠᠪᠠ᠃ ᠨᠠᠰᠤᠲᠠᠨ ᠤ ᠰᠠᠭᠤᠵᠤ ᠪᠠᠶᠢᠭ᠎ᠠ ᠪᠢᠨ ᠬᠠᠢ B | ᠲᠣᠭᠤᠷᠢᠭ ᠤᠨ 14 ᠳ᠋ᠤᠭᠠᠷ ᠠᠰᠠᠷ ᠤᠨ ᠪᠡᠶ᠎ᠡ ᠪᠣᠯᠤᠨ ᠨᠣᠭᠤᠭᠠᠨ ᠭᠠᠵᠠᠷ ᠤᠨ ᠬᠤᠭᠤᠷᠣᠨᠳᠣᠬᠢ ᠶᠠᠪᠠᠭᠠᠨ | ᠬᠥᠮᠦᠨ ᠤ ᠵᠠᠮ ᠨᠢ ᠲᠤᠶᠢᠯ ᠤᠨ ᠢᠪᠴᠤᠤ ᠪᠠᠶᠢᠵᠤ ᠵᠠᠮ ᠤᠨ ᠭᠠᠳᠠᠷᠭᠤ ᠨᠢ ᠶᠡᠭᠦᠷᠡᠵᠦ ᠴᠦᠮᠦᠷᠡᠵᠦ᠂ ᠰᠠᠭᠤᠭᠠᠯᠢ | ᠠᠷᠠᠳ ᠂ ᠢᠯᠠᠩᠭᠤᠶ᠎ᠠ ᠨᠠᠰᠤ ᠠᠬᠢᠭᠰᠠᠨ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠳᠥᠭᠦᠮ ᠦᠭᠡᠢ ᠪᠠᠶᠢᠳᠠᠭ᠃ | ᠤᠰᠤᠨ ᠬᠤᠭᠤᠯᠠᠢ ᠶᠢ ᠥᠭᠡᠷᠡᠴᠢᠯᠡᠬᠦ ᠶᠠᠪᠤᠴᠠ ᠳᠤ ᠲᠤᠰ ᠲᠤᠭᠤᠷᠢᠭ ᠤᠨ ᠰᠠᠭᠤᠭᠠᠯᠢ ᠠᠷᠠᠳ ᠠᠴᠠ ᠶᠠᠪᠠᠭᠠᠨ | ᠬᠥᠮᠦᠨ ᠤ ᠵᠠᠮ ᠢ ᠥᠷᠭᠡᠳᠬᠡᠬᠦ ᠬᠡᠷᠡᠭᠲᠡᠶ ᠭᠡᠵᠦ ᠴᠢᠩᠭ᠎ᠠ ᠱᠠᠭᠠᠷᠳᠠᠵᠠᠶ᠃ ᠡᠨᠡ ᠬᠦ ᠬᠦᠰᠡᠯ ᠱᠠᠭᠠᠷᠳᠠᠯᠭ᠎ᠠ ᠨᠢ | ᠲᠦᠭᠡᠭᠡᠯ ᠤᠰᠤᠨ ᠤ ᠺᠣᠮᠫᠠᠨᠢ ᠶᠢᠨ ᠬᠠᠷᠢᠭᠤ ᠲᠤᠰᠬᠠᠯ ᠢ ᠣᠯᠵᠤ᠂ ᠺᠣᠮᠫᠠᠨᠢ ᠶᠢᠨ ᠬᠠᠷᠢᠭᠤᠴᠠᠯᠭᠠᠲᠠᠨ ᠠᠴᠠ | ᠨᠣᠭᠤᠭᠠᠷᠠᠭᠤᠯᠤᠯᠲᠠ ᠶᠢᠨ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠪᠥᠬᠦ ᠥᠮᠴᠢᠲᠡᠨ ᠤ ᠵᠥᠪᠰᠢᠶᠡᠷᠡᠯ ᠢ | ᠣᠯᠤᠭᠰᠠᠨ ᠤ ᠳᠠᠷᠠᠭ᠎ᠠ᠂ ᠪᠠᠷᠢᠯᠭ᠎ᠠ ᠶᠢᠨ ᠬᠦᠷᠢᠶ᠎ᠡ ᠬᠡᠪᠴᠢᠶᠡᠨ ᠳᠣᠲᠣᠷ᠎ᠠ ᠵᠢᠵᠢᠭ ᠲᠣᠭᠤᠷᠢᠭ ᠤᠨ | ᠨᠣᠭᠤᠭᠠᠷᠠᠭᠤᠯᠤᠯᠲᠠ ᠶᠢ ᠨᠥᠯᠥᠭᠡᠯᠡᠬᠦ ᠥᠬᠡᠶ ᠰᠠᠭᠤᠷᠢᠨ ᠳᠡᠭᠡᠷ᠎ᠡ᠂ ᠤᠤᠯ ᠤᠨ ᠶᠠᠪᠠᠭᠠᠨ ᠬᠥᠮᠦᠨ ᠤ ᠵᠠᠮ ᠢ 1 | ᠮᠧᠲᠷ ᠰᠢᠬᠠᠮ ᠥᠷᠭᠡᠳᠬᠡᠵᠡᠶ᠃ ᠵᠠᠮ ᠤᠨ ᠭᠠᠳᠠᠷᠭᠤ ᠥᠷᠭᠡᠨ᠂ ᠲᠡᠭᠰᠢᠬᠡᠨ ᠪᠣᠯᠤᠭᠰᠠᠨ ᠠᠴᠠ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠳᠥᠭᠦᠮ ᠪᠣᠯᠵᠠᠶ᠃ ᠡᠭᠦᠨ ᠤ ᠲᠤᠯᠠᠳᠠ᠂ 14 ᠳ᠋ᠦᠭᠡᠷ ᠠᠰᠠᠷ ᠤᠨ 70 ᠭᠠᠷᠤᠶ | ᠰᠠᠭᠤᠭᠠᠯᠢ ᠠᠷᠠᠳ ᠫᠠᠩ ᠴᠢᠩ ᠳᠤ ᠨᠠᠶᠢᠳᠠᠵᠤ ᠡᠨᠡ ᠬᠦ ᠲᠠᠯᠠᠷᠬᠠᠯ ᠤᠨ ᠵᠠᠬᠢᠳᠠᠯ ᠢ ᠪᠢᠴᠢᠭᠦᠯᠵᠡᠶ᠃ | ᠲᠤᠬᠠᠶ ᠶᠢᠨ ᠲᠠᠯᠠᠪᠠᠢ ᠳᠤ᠂ ᠥᠮᠴᠢᠲᠡᠨ ᠤ ᠵᠥᠪᠯᠡᠯ ᠤᠨ ᠪᠦᠷᠢᠯᠳᠦᠬᠦᠨ ᠵᠤᠤ ᠪᠦᠦ ᠵᠢᠶᠦ᠋ᠨ ᠰᠠᠭᠤᠭᠠᠯᠢ | ᠠᠷᠠᠳ ᠢ ᠲᠥᠯᠥᠭᠡᠯᠡᠨ ᠲᠦᠭᠡᠭᠡᠯ ᠤᠰᠤᠨ ᠤ ᠺᠣᠮᠫᠠᠨᠢ ᠳᠤ ᠬᠡᠮᠡᠷᠯᠢᠭ ᠲᠤᠭ ᠬᠦᠷᠭᠡᠪᠡ᠂ ᠡᠨᠡ ᠪᠣᠯ ᠪᠢᠨ ᠬᠠᠢ B | ᠲᠣᠭᠤᠷᠢᠭ ᠤᠨ ᠪᠦᠬᠦ ᠥᠮᠴᠢᠲᠡᠨ ᠤ ᠲᠦᠭᠡᠭᠡᠯ ᠤᠰᠤᠨ ᠤ ᠺᠣᠮᠫᠠᠨᠢ ᠳᠤ ᠭᠦᠨ ᠲᠠᠯᠠᠷᠬᠠᠵᠤ ᠪᠠᠶᠢᠭ᠎ᠠ ᠪᠠᠨ | ᠢᠯᠡᠳᠬᠡᠭᠰᠡᠨ ᠲᠤᠭ ᠪᠣᠯᠤᠨ᠎ᠠ᠃ ︽ᠡᠨᠡ ᠤᠳᠠᠭ᠎ᠠ ᠬᠠᠭᠤᠴᠢᠨ ᠤᠰᠤᠨ ᠬᠤᠭᠤᠯᠠᠢ ᠶᠢ ᠥᠭᠡᠷᠡᠴᠢᠯᠡᠬᠦ | ᠢᠨᠵᠧᠨᠧᠷᠢᠩ ᠢ ᠰᠠᠶᠢᠲᠤᠷ ᠬᠢᠭᠰᠡᠨ ᠨᠢ᠂ ᠵᠠᠰᠠᠭ ᠤᠨ ᠣᠷᠳᠣᠨ ᠠᠴᠠ ᠶᠡᠭᠡ ᠬᠡᠮᠵᠢᠶᠡᠨ ᠤ ᠬᠥᠮᠦᠨ ᠤ ᠬᠦᠴᠦ᠂ | ᠡᠳ᠋ ᠤᠨ ᠬᠦᠴᠦ ᠣᠷᠣᠭᠤᠯᠵᠤ᠂ ᠰᠠᠭᠤᠭᠠᠯᠢ ᠠᠷᠠᠳ ᠲᠤ ᠴᠢᠨᠠᠷ ᠰᠠᠶᠢᠲᠠᠶ ᠤᠰᠤ ᠬᠦᠷᠭᠡᠵᠡᠶ︾ ᠵᠤᠤ ᠪᠦᠦ ᠵᠢᠶᠦ᠋ᠨ | ᠄ ︽ᠤᠤᠯ ᠨᠢ ᠰᠠᠭᠤᠭᠠᠯᠢ ᠠᠷᠠᠳ ᠤᠨ ᠤᠰᠤ ᠬᠠᠩᠭᠠᠬᠤ ᠪᠠᠨ ᠵᠣᠭᠰᠣᠭᠠᠵᠤ ᠪᠣᠯᠬᠤ ᠥᠬᠡᠶ᠂ ᠵᠣᠭᠰᠣᠭᠰᠠᠨ ᠤ | ᠳᠠᠷᠠᠭ᠎ᠠ ᠳᠠᠬᠢᠵᠤ ᠢᠷᠡᠬᠦ ᠤᠰᠤᠨ ᠤ ᠴᠢᠨᠠᠷ ᠠᠨᠠᠶ ᠪᠠᠶᠢᠳᠠᠭ᠃ ᠠᠶᠢᠯ ᠪᠣᠯᠭᠠᠨ ᠤᠰᠤ ᠪᠠᠨ ᠨᠢᠭᠡ ᠬᠡᠰᠡᠭ | ᠬᠤᠭᠤᠴᠠᠭ᠎ᠠ ᠲᠠᠯᠪᠢᠬᠤ ᠬᠡᠷᠡᠭᠲᠡᠶ᠂ ᠡᠨᠡ ᠨᠢ ᠤᠰᠤ ᠶᠢ ᠪᠦᠷᠢᠯᠭᠡᠬᠦ ᠪᠠᠷ ᠪᠠᠷᠠᠬᠤ ᠦᠭᠡᠢ ᠪᠠᠰᠠ ᠬᠥᠮᠦᠨ ᠢ ᠰᠠᠨᠠᠭ᠎ᠠ | ᠠᠮᠤᠷ ᠦᠭᠡᠢ ᠪᠣᠯᠭᠠᠳᠠᠭ᠃ ᠣᠳᠣ ᠪᠢᠳᠡ ᠤᠰᠤ ᠵᠣᠭᠰᠣᠬᠤ ᠠᠴᠠ ᠠᠶᠤᠬᠤ ᠦᠭᠡᠢ ᠪᠠᠶᠢᠵᠤ ᠤᠰᠤ ᠵᠣᠭᠰᠣᠪᠠᠯ | ᠤᠰᠤᠨ ᠤ ᠴᠢᠨᠠᠷ ᠬᠤᠪᠢᠷᠠᠬᠤ ᠦᠭᠡᠢ ᠪᠠᠶᠢᠳᠠᠭ ᠶᠤᠮ︾ ᠭᠡᠵᠠᠢ᠃ | ︽ᠬᠠᠭᠤᠴᠢᠨ ᠤᠰᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠠᠵᠢᠯ ᠪᠣᠯ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠮᠥᠨ᠂ ᠠᠷᠠᠳ ᠣᠯᠠᠨ ᠰᠠᠶᠢᠨ ᠭᠡᠪᠡᠯ ᠰᠠᠶ᠋ᠢ ᠦᠨᠡᠨ ᠰᠠᠶᠢᠨ ᠶᠤᠮ︾᠃ ᠲᠦᠭᠡᠭᠡᠯ | ᠤᠰᠤᠨ ᠤ ᠺᠣᠮᠫᠠᠨᠢ ᠶᠢᠨ ᠢᠨᠵᠧᠨᠧᠷᠢᠩ ᠤᠨ ᠮᠡᠷᠭᠡᠵᠢᠯ ᠤᠨ ᠬᠡᠯᠲᠡᠰ ᠤᠨ ᠳᠠᠷᠤᠭ᠎ᠠ ᠶᠠᠩ ᡁᠢ ᠰᠢᠶᠠᠩ ᠰᠡᠳᠬᠢᠯ | ᠬᠥᠳᠡᠯᠦᠨ ᠬᠡᠯᠡᠭᠰᠡᠨ ᠨᠢ᠂ ᠡᠨᠡ ᠵᠢᠯ ᠪᠣᠯ ᠤᠳᠠ ᠲᠣᠭᠤᠷᠢᠭ ᠤᠨ ᠬᠠᠭᠤᠴᠢᠨ ᠬᠤᠭᠤᠯᠠᠶ ᠶᠢᠨ ᠲᠣᠤᠷ ᠢ | ᠥᠭᠡᠷᠡᠴᠢᠯᠡᠬᠦ ᠭᠤᠷᠪᠠᠳᠤᠭᠠᠷ ᠵᠢᠯ ᠪᠣᠯᠤᠨ᠎ᠠ᠂ ᠺᠣᠮᠫᠠᠨᠢ ᠠᠴᠠ ᠪᠠᠷᠢᠯᠭ᠎ᠠ ᠶᠢᠨ ᠳᠤᠮᠳᠠ ᠨᠠᠷᠢᠨ ᠵᠤᠶᠢᠯᠡᠰ ᠢ ᠣᠨᠴᠠ | ᠴᠢᠬᠤᠯᠠᠴᠢᠯᠠᠵᠤ᠂ ᠰᠠᠭᠤᠭᠠᠯᠢ ᠠᠷᠠᠳ ᠤᠨ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠬᠢᠬᠦ | ᠬᠡᠷᠡᠭᠲᠡᠶ ᠭᠡᠵᠦ ᠱᠠᠭᠠᠷᠳᠠᠪᠠ᠃ ᠪᠠᠷᠢᠯᠭ᠎ᠠ ᠪᠠᠷᠢᠬᠤ ᠶᠠᠪᠤᠴᠠ ᠳᠤ᠂ ᠰᠠᠭᠤᠭᠠᠯᠢ ᠠᠷᠠᠳ ᠲᠤ ᠲᠤᠰ ᠵᠢᠵᠢᠭ | ᠲᠣᠭᠤᠷᠢᠭ ᠤᠨ ᠤᠰᠤᠨ ᠬᠤᠭᠤᠯᠠᠶ ᠥᠭᠡᠷᠡᠴᠢᠯᠡᠬᠦ ᠪᠠᠷᠢᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠭᠠᠯᠢ | ᠠᠷᠠᠳ ᠤᠨ ᠪᠠᠶᠢᠳᠠᠯ ᠢ ᠣᠶᠢᠯᠭᠠᠬᠤ ᠳᠤ ᠳᠥᠭᠦᠮ ᠦᠵᠡᠭᠦᠯᠪᠡ︔ ᠲᠦᠷᠭᠡᠨ᠂ ᠴᠢᠨᠠᠷ ᠰᠠᠶᠢᠲᠠᠶ ᠪᠠᠷᠢᠯᠭ᠎ᠠ ᠪᠠᠷᠢᠵᠤ᠂ | ᠬᠠᠮᠤᠭ ᠠᠷᠪᠢᠨ ᠳᠠᠭᠠᠨ 3 ᠡᠳᠦᠷ ᠲᠤ ᠰᠠᠭᠤᠭᠠᠯᠢ ᠡᠷᠦᠬᠡ ᠪᠠᠷ ᠨᠡᠪᠲᠡᠷᠡᠭᠦᠯᠪᠡ︔ ᠨᠢᠭᠡ ᠰᠠᠭᠤᠷᠢ ᠶᠢ ᠥᠭᠡᠷᠡᠴᠢᠯᠡᠨ | ᠰᠢᠨᠡᠳᠬᠡᠪᠡᠯ᠂ ᠨᠢᠭᠡ ᠰᠠᠭᠤᠷᠢ ᠶᠢ ᠡᠭᠡᠭᠦᠯᠦᠨ ᠪᠥᠭᠯᠡᠵᠦ᠂ ᠳᠠᠷᠠᠭ᠎ᠠ ᠨᠢ ᠨᠢᠭᠡ ᠰᠠᠭᠤᠷᠢ ᠶᠢ ᠨᠢ ᠥᠭᠡᠷᠡᠴᠢᠯᠡᠨ | ᠰᠢᠨᠡᠳᠬᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠳᠥᠭᠦᠮ ᠦᠵᠡᠭᠦᠯᠪᠡ︔ ᠪᠠᠷᠢᠯᠭ᠎ᠠ ᠳᠠᠭᠤᠰᠬᠤ | ᠦᠶ᠎ᠡ ᠳᠤ᠂ ᠵᠠᠮ ᠢ ᠰᠡᠷᠭᠦᠭᠡᠬᠦ᠂ ᠴᠡᠪᠡᠷᠯᠡᠬᠦ ᠰᠡᠭᠦᠯ ᠬᠤᠷᠢᠶᠠᠬᠤ ᠠᠵᠢᠯ ᠢ ᠰᠠᠶᠢᠲᠤᠷ ᠬᠢᠪᠡ ᠁ ᠪᠣᠯᠪᠠᠰᠤᠨ | ᠪᠠᠷᠢᠯᠭ᠎ᠠ ᠪᠠᠷᠢᠬᠤ ᠨᠢ ᠰᠠᠭᠤᠭᠠᠯᠢ ᠠᠷᠠᠳ ᠤᠨ ᠵᠥᠪᠰᠢᠶᠡᠷᠡᠯ ᠢ ᠣᠯᠵᠤ᠂ ᠰᠠᠭᠤᠭᠠᠯᠢ ᠠᠷᠠᠳ ᠤᠨ ᠮᠠᠭᠲᠠᠭᠠᠯ | ᠰᠠᠶᠢᠰᠢᠶᠠᠯ ᠢ ᠣᠯᠤᠭᠰᠠᠨ ᠪᠠᠶᠢᠨ᠎ᠠ᠃ | ︽ᠣᠳᠣᠬᠠᠨ ᠳᠤ᠂ ᠬᠠᠭᠤᠴᠢᠨ ᠤᠰᠤᠨ ᠬᠤᠭᠤᠯᠠᠶ ᠶᠢᠨ ᠲᠣᠤᠷ ᠢ ᠥᠭᠡᠷᠡᠴᠢᠯᠡᠬᠦ ᠠᠵᠢᠯ ᠨᠢᠭᠡᠨᠲᠡ | ᠰᠢᠪᠲᠤᠷᠭᠠᠨ ᠳᠠᠭᠠᠨ ᠣᠷᠣᠵᠤ᠂ ᠤᠤᠯ ᠨᠢ ᠵᠢᠯ ᠤᠨ ᠡᠴᠦᠰ ᠲᠤ ᠳᠠᠭᠤᠰᠬᠠᠬᠤ ᠪᠠᠷ ᠲᠥᠯᠥᠪᠯᠡᠵᠦ ᠪᠠᠶᠢᠭᠰᠠᠨ | ᠪᠤᠯᠬᠤᠷ᠂ ᠪᠢᠳᠡ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ 8 ᠰᠠᠷ᠎ᠠ ᠶᠢᠨ ᠰᠡᠭᠦᠯᠴᠢ ᠪᠣᠯᠬᠤ ᠳᠤ ᠰᠠᠭᠤᠭᠠᠯᠢ | ᠠᠷᠠᠳ ᠤᠨ ᠲᠣᠭᠤᠷᠢᠭ ᠤᠨ ᠳᠣᠲᠣᠭᠠᠳᠤ ᠶᠢᠨ ᠪᠠᠷᠢᠯᠭ᠎ᠠ ᠶᠢ ᠪᠦᠬᠦᠨ ᠢ ᠳᠠᠭᠤᠰᠬᠠᠬᠤ ᠪᠠᠷ ᠴᠢᠷᠮᠠᠶᠢᠵᠤ᠂ ᠡᠷᠲᠡᠬᠡᠨ | ᠰᠠᠭᠤᠭᠠᠯᠢ ᠠᠷᠠᠳ ᠲᠤ ᠴᠢᠨᠠᠷ ᠰᠠᠶᠢᠲᠠᠶ ᠤᠰᠤ ᠤᠤᠭᠤᠯᠭᠠᠨ᠎ᠠ︾ ᠭᠡᠵᠦ ᠶᠠᠩ ᡁᠢ ᠰᠢᠶᠠᠩ ᠶᠠᠷᠢᠪᠠ᠃ |