︽ᠦᠨᠡᠨᠴᠢ ᠢᠲᠡᠭᠡᠮᠵᠢ ᠲᠠᠢ ᠪᠠᠶᠢᠬᠤ ᠶᠢ ᠮᠠᠭᠲᠠᠨ ᠰᠠᠶᠢᠰᠢᠶᠠᠬᠤ︾᠂ ︽ᠢᠲᠡᠭᠡᠯ ᠠᠯᠳᠠᠭᠰᠠᠨ ᠢ | ᠵᠠᠯᠬᠠᠭᠠᠨ ᠴᠡᠭᠡᠷᠯᠡᠭᠦᠯᠬᠦ︾ ᠡᠷᠴᠢᠮ ᠢ ᠴᠢᠩᠭᠠᠷᠠᠭᠤᠯᠵᠤ᠂ ︽ᠦᠨᠡᠨᠴᠢ ᠢᠲᠡᠭᠡᠮᠵᠢ ᠲᠠᠢ ᠤᠳᠠ ᠲᠤᠭᠤᠷᠢᠭ︾ ᠤᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠵᠣᠷᠢᠭᠵᠢᠭᠤᠯᠬᠤ | ᠦᠢᠯᠡᠳᠤᠯ ᠢ ᠪᠠᠳᠠᠷᠠᠭᠤᠯᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠤᠳᠠ ᠲᠣᠭᠤᠷᠢᠭ 2019 ᠤᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ︽ᠤᠯᠠᠭᠠᠨ ᠬᠠᠷ᠎ᠠ ᠳᠠᠩᠰᠠ︾ ᠶᠢᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠤᠳᠠ ᠲᠣᠭᠤᠷᠢᠭ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ ᠠᠴᠠ ᠲᠣᠰ | ᠠᠵᠢᠯ ᠲᠥᠷᠥᠯ᠂ ᠲᠣᠰ ᠬᠦᠷᠢᠶᠡᠨ ᠳᠠᠬᠢ ︽ᠤᠯᠠᠭᠠᠨ ᠬᠠᠷ᠎ᠠ ᠳᠠᠩᠰᠠ︾ ᠶᠢ ᠳᠡᠰ ᠳᠠᠷᠠᠭᠠᠯᠠᠨ ᠨᠡᠶᠢᠳᠡᠯᠡᠪᠡ᠃ | ᠲᠣᠰ ᠤᠳᠠᠭ᠎ᠠ ᠨᠡᠶᠢᠲᠡᠯᠡᠭᠰᠡᠨ ︽ᠤᠯᠠᠭᠠᠨ ᠬᠠᠷ᠎ᠠ ᠳᠠᠩᠰᠠ︾ ᠨᠡᠶᠢᠲᠡ 163 ᠵᠤᠷᠪᠤᠰ ᠪᠠᠶᠢᠵᠤ᠂ | ᠡᠭᠦᠨ ᠤ ᠳᠣᠲᠣᠷ᠎ᠠ ᠥᠪᠥᠷ ᠮᠣᠩᠭᠤᠯ ᠤᠨ ᠵᠢᠶᠦ᠋ᠨ ᠵᠧᠩ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠶᠧ ᠴᠧᠩ ᠣᠷᠭᠠᠨᠢᠭ ᠴᠠᠬᠢᠭᠤᠷ ᠤᠨ ᠬᠢᠵᠠᠭᠠᠷᠲᠤ ᠺᠣᠮᠫᠠᠨᠢ | ᠵᠡᠷᠭᠡ 43 ᠠᠵᠤ ᠠᠬᠤᠶᠢᠯᠠᠯ 2019 ᠤᠨ ᠦᠨᠡᠨᠴᠢ ᠢᠲᠡᠭᠡᠮᠵᠢ ᠶᠢᠨ ︽ᠤᠯᠠᠭᠠᠨ ᠳᠠᠩᠰᠠ︾ ᠳᠤ | ᠵᠢᠭᠰᠠᠭᠠᠭᠳᠠᠵᠤ᠂ ᠦᠬᠠᠶ ᠬᠤᠲᠠ ᠶᠢᠨ ᠯᠢᠦ ᠶᠦᠨ ᠴᠢᠩ ᠴᠧᠩ ᠭᠡᠷ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠭᠤᠸᠠᠩ ᠲᠠᠢ ᠨᠡᠭᠦᠷᠡᠰᠦᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 28 | ᠠᠵᠤ ᠠᠬᠤᠶᠢᠯᠠᠯ 2019 ᠤᠨ ᠢᠲᠡᠭᠡᠯ ᠠᠯᠳᠠᠭᠰᠠᠨ ︽ᠬᠠᠷ᠎ᠠ ᠳᠠᠩᠰᠠ︾ ᠳᠤ ᠵᠢᠭᠰᠠᠭᠠᠭᠳᠠᠵᠤ᠂ ᠴᠢᠶᠣᠤ ᠯᠢ | ᠹᠧᠩ᠂ ᠼᠦᠢ ᠬᠤᠤ ᠵᠡᠷᠭᠡ 92 ᠬᠥᠮᠦᠨ ᠢᠲᠡᠭᠡᠯ ᠠᠯᠳᠠᠭᠰᠠᠨ ᠭᠦᠢᠴᠡᠳᠬᠡᠭᠳᠡᠭᠴᠢ ︵ᠪᠠᠶᠢᠭᠠᠯᠢ ᠬᠥᠮᠦᠨ︶ ᠳᠤ | ᠵᠢᠭᠰᠠᠭᠠᠭᠳᠠᠪᠠ᠃ | ᠲᠣᠰ ᠤᠳᠠᠭᠠᠨ ᠤ ︽ᠤᠯᠠᠭᠠᠨ ᠬᠠᠷ᠎ᠠ ᠳᠠᠩᠰᠠ︾ ᠶᠢ ᠨᠡᠶᠢᠲᠡᠯᠡᠭᠰᠡᠨ ᠨᠢ᠂ ᠬᠠᠮᠲᠤᠷᠠᠨ ᠱᠠᠩᠨᠠᠵᠤ | ᠲᠣᠷᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢᠶᠠᠨ ᠴᠢᠩᠭᠠᠳᠬᠠᠨ᠂ ᠦᠨᠡᠨᠴᠢ ᠢᠲᠡᠭᠡᠮᠵᠢᠲᠡᠶ ᠪᠠᠶᠢᠬᠤ ᠦᠢᠯᠡ | ᠠᠵᠢᠯᠯᠠᠭ᠎ᠠ ᠪᠠᠨ ᠦᠢᠯᠡᠳᠦᠯᠭᠡᠵᠢᠭᠦᠯᠵᠦ᠂ ᠢᠲᠡᠭᠡᠮᠵᠢ ᠲᠠᠢ ᠪᠠᠶᠢᠭᠰᠠᠳ ᠢ ︽ᠭᠠᠵᠠᠷ ᠪᠣᠯᠭᠠᠨ ᠳᠤ ᠢᠲᠡᠭᠡᠮᠵᠢᠲᠡᠶ | ᠪᠠᠶᠢᠵᠤ᠂ ᠶᠠᠪᠤᠳᠠᠯ ᠪᠣᠯᠭᠠᠨ ᠳᠤ ᠳᠥᠭᠦᠮ ᠦᠵᠡᠭᠦᠯᠬᠦ︾᠂ ᠢᠲᠡᠭᠡᠯ ᠠᠯᠳᠠᠭᠰᠠᠳ ᠢ ︽ᠨᠢᠭᠡ ᠭᠠᠵᠠᠷ ᠲᠤ ᠢᠲᠡᠭᠡᠯ | ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠠᠭᠤᠷ ᠠᠮᠢᠰᠬᠤᠯ ᠢ ᠪᠤᠢ ᠪᠤᠯᠭᠠᠬᠤ ᠶᠢ ᠤᠷᠢᠶᠠᠯᠠᠪᠠ᠃ | |