8 ᠰᠠᠷ᠎ᠠ ᠶᠢᠨ 14 ᠤ ᠡᠳᠦᠷ᠂ ᠪᠠᠶᠠᠨᠰᠠᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠣᠯ | ᠵᠢᠷᠭᠠᠯᠲᠤ ᠨᠡᠶᠢᠭᠡᠮ ᠲᠣᠭᠤᠷᠢᠭ ᠠᠴᠠ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠲᠠᠢ ᠬᠠᠮᠳᠤᠷᠠᠨ ︽ᠬᠤᠭ | ᠨᠣᠪᠰᠢ ᠳᠤ ᠭᠡᠷ ᠡᠷᠢᠬᠦ — ᠬᠤᠭ ᠨᠣᠪᠰᠢ ᠶᠢ ᠲᠥᠷᠥᠯ ᠬᠤᠪᠢᠶᠠᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠨ | ᠬᠢᠬᠦ︾ ᠪᠠᠷ ᠭᠤᠤᠯ ᠰᠡᠳᠦᠪ ᠪᠣᠯᠭᠠᠭᠰᠠᠨ ᠵᠤᠨ ᠤ ᠠᠮᠠᠷᠠᠯᠲᠠ ᠶᠢᠨ ᠬᠤᠭᠤᠴᠠᠭᠠᠨ ᠤ ᠵᠠᠯᠠᠭᠤᠴᠤᠳ ᠪᠠᠭᠠᠴᠤᠳ ᠤᠨ | ᠬᠤᠭ ᠨᠣᠪᠰᠢ ᠶᠢ ᠲᠥᠷᠥᠯ ᠬᠤᠪᠢᠶᠠᠬᠤ ᠲᠠᠶᠢᠯᠤᠮᠵᠢ ᠶᠢᠨ ᠬᠦᠳᠡᠯᠭᠡᠭᠡᠨ ᠥᠷᠨᠢᠭᠦᠯᠵᠦ᠂ ᠵᠠᠯᠠᠭᠤᠴᠤᠳ | ᠪᠠᠭᠠᠴᠤᠳ ᠤᠨ ᠬᠤᠭ ᠨᠣᠪᠰᠢ ᠶᠢ ᠲᠥᠷᠥᠯ ᠬᠤᠪᠢᠶᠠᠬᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠣᠯᠤᠨ | ᠮᠡᠳᠡᠯᠭᠡ ᠶᠢ ᠤᠯᠠᠮ ᠴᠢᠨᠠᠭᠰᠢᠳᠠ ᠳᠡᠭᠡᠭᠰᠢᠯᠡᠭᠦᠯᠪᠡ᠃ | ᠲᠣᠰ ᠤᠳᠠᠭᠠᠨ ᠤ ᠲᠠᠶᠢᠯᠤᠮᠵᠢ ᠶᠢᠨ ᠬᠤᠷᠠᠯ ᠨᠢ ᠨᠡᠶᠢᠭᠡᠮ ᠲᠣᠭᠤᠷᠢᠭ ᠤᠨ ᠠᠵᠢᠯᠲᠠᠨ ᠠᠴᠠ ᠭᠤᠤᠯᠯᠠᠨ | ᠶᠠᠷᠢᠵᠤ᠂ ᠭᠤᠤᠯᠳᠠᠭᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ᠂ ᠬᠢᠴᠢᠶᠡᠯ ᠤᠨ ᠲᠠᠩᠬᠢᠮ ᠤᠨ | ᠦᠢᠯᠡᠳᠦᠯᠭᠡ᠂ ᠮᠡᠳᠡᠯᠭᠡ ᠶᠢᠨ ᠤᠷᠤᠯᠳᠤᠭᠠᠨ ᠵᠡᠷᠭᠡ ᠭᠤᠷᠪᠠᠨ ᠭᠤᠭᠴᠤᠭ᠎ᠠ ᠪᠠᠷ ᠥᠷᠨᠢᠭᠦᠯᠵᠦ᠂ ᠠᠮᠢᠳᠤ | ᠳᠦᠷᠰᠦᠯᠢᠭ PPT ᠪᠠᠷ ᠱᠧᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠡᠤᠬᠡᠳ ᠲᠤ ᠡᠯᠪᠡᠭ ᠪᠠᠶᠠᠯᠢᠭ | ᠠᠭᠤᠯᠭ᠎ᠠ ᠲᠠᠢ ᠬᠤᠭ ᠨᠣᠪᠰᠢ ᠶᠢ ᠲᠥᠷᠥᠯ ᠬᠤᠪᠢᠶᠠᠬᠤ ᠦᠢᠯᠡᠳᠤᠯᠭᠡ ᠶᠢᠨ ᠬᠢᠴᠢᠶᠡᠯ ᠣᠷᠣᠵᠤ ᠥᠭᠴᠡᠶ᠃ | ᠲᠣᠰ ᠤᠳᠠᠭᠠᠨ ᠤ ᠲᠠᠶᠢᠯᠤᠮᠵᠢ ᠶᠢᠨ ᠬᠤᠷᠠᠯ ᠨᠢ ᠬᠡᠤᠬᠡᠳ ᠤᠳ ᠤᠨ ᠬᠤᠭ ᠨᠣᠪᠰᠢ ᠶᠢ ᠲᠥᠷᠥᠯ | ᠬᠤᠪᠢᠶᠠᠬᠤ ᠮᠡᠳᠡᠯᠭᠡ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠤ ᠣᠷᠴᠢᠨ ᠲᠣᠭᠤᠷᠢᠨ ᠢ | ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠲᠡᠳᠡᠨ ᠤ ᠪᠠᠭ᠎ᠠ ᠠᠴᠠ ᠪᠠᠨ ᠬᠤᠭ ᠨᠣᠪᠰᠢ ᠶᠢ ᠲᠥᠷᠥᠯ | ᠬᠤᠪᠢᠶᠠᠬᠤ ᠰᠠᠶᠢᠨ ᠳᠠᠳᠬᠠᠯ ᠲᠠᠢ ᠪᠣᠯᠬᠤ ᠶᠢ ᠵᠣᠷᠢᠭᠵᠢᠭᠤᠯᠵᠠᠶ᠃ ᠵᠣᠯ ᠵᠢᠷᠭᠠᠯᠲᠤ ᠨᠡᠶᠢᠭᠡᠮ ᠲᠣᠭᠤᠷᠢᠭ ᠨᠢ | ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠨᠠᠩ ᠣᠯᠠᠨ ᠬᠥᠮᠦᠰ ᠤᠨ ᠬᠤᠭ ᠨᠣᠪᠰᠢ ᠶᠢ ᠲᠥᠷᠥᠯ | ᠬᠤᠪᠢᠶᠠᠬᠤ ᠳᠤ ᠢᠳᠡᠪᠬᠢᠲᠡᠢ ᠣᠷᠣᠯᠴᠠᠬᠤ ᠶᠢ ᠨᠥᠯᠥᠭᠡᠯᠡᠵᠦ᠂ ︽ᠬᠤᠶᠠᠷ ᠬᠤᠲᠠ ᠶᠢ ᠬᠠᠮᠲᠤᠪᠠᠷ ᠴᠣᠭᠴᠠᠯᠠᠬᠤ︾ | ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ |