︽8 ᠰᠠᠷ᠎ᠠ ᠶᠢᠨ ᠰᠡᠭᠦᠯᠴᠢ ᠪᠠᠷ᠂ ᠮᠠᠨ ᠤ ᠡᠨᠡ ᠲᠥᠷᠥᠯ ᠵᠤᠶᠢᠯ ᠵᠢᠩᠬᠢᠨᠢ ᠪᠠᠷ ᠡᠵᠡᠩᠨᠡᠯᠲᠡ ᠲᠤ | ᠤᠷᠤᠵᠤ᠂ ᠤᠷᠢᠳᠠᠪᠠᠷ ᠨᠢᠭᠡᠨᠲᠡ ᠲᠣᠬᠢᠷᠠᠯᠴᠠᠭᠰᠠᠨ 3 ᠠᠵᠤ ᠠᠬᠤᠶᠢᠯᠠᠯ ᠳᠤ ᠴᠡᠪᠡᠷ ᠨᠣᠭᠤᠭ᠎ᠠ ᠲᠤᠬᠢᠷᠠᠭᠤᠯᠤᠨ | ᠬᠦᠷᠭᠡᠬᠦ ᠪᠣᠯᠤᠨ᠎ᠠ︾ ᠭᠡᠵᠦ ᠮᠧᠶ ᠽᠧ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠸᠠᠩ ᠵᠢᠶ ᠹᠦ᠋ ᠬᠡᠯᠡᠨ᠎ᠡ᠃ | ᠮᠧᠶ ᠽᠧ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠤᠯᠠᠭᠠᠨ ᠨᠠᠭᠤᠷ | ᠪᠠᠯᠭᠠᠰᠤᠨ ᠤ ᠽᠧ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ ᠬᠤᠪᠢ ᠤᠷᠤᠭᠤᠯᠵᠤ | ᠪᠠᠶᠢᠭᠤᠯᠤᠭᠰᠠᠨ ᠨᠢᠭᠡ ᠬᠥᠮᠦᠨ ᠤ ᠳᠦᠷᠢᠮᠲᠦ ᠬᠢᠵᠠᠭᠠᠷᠲᠤ ᠺᠣᠮᠫᠠᠨᠢ ᠪᠣᠯᠤᠨ᠎ᠠ᠂ ᠨᠢᠭᠡᠨ ᠬᠠᠮᠲᠤ ᠶᠢᠨ ᠠᠵᠤ | ᠠᠬᠤᠢ ᠪᠠᠷ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠪᠣᠯᠤᠨ᠎ᠠ᠃ ︽ᠬᠠᠮᠲᠤ ᠶᠢᠨ ᠠᠵᠤ | ᠠᠬᠤᠢ ᠶᠢᠨ ᠺᠣᠮᠫᠠᠨᠢ ᠪᠠᠷ ᠭᠤᠤᠯ ᠴᠣᠭᠴᠠ ᠪᠣᠯᠭᠠᠵᠤ ᠴᠡᠪᠡᠷ ᠨᠣᠭᠤᠭ᠎ᠠ ᠶᠢ ᠲᠤᠬᠢᠷᠠᠭᠤᠯᠤᠨ ᠬᠦᠷᠭᠡᠬᠦ ᠲᠥᠷᠥᠯ | ᠵᠤᠶᠢᠯ ᠢ ᠬᠡᠷᠡᠭᠵᠢᠭᠦᠯᠬᠦ ᠨᠢ ᠲᠥᠪ ᠤᠨ ᠬᠥᠳᠡᠭᠡ ᠲᠣᠰᠬᠤᠨ ᠪᠠ ᠲᠠᠷᠢᠶᠠᠯᠠᠩ ᠤᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠳᠤ ᠨᠡᠶᠢᠴᠡᠨ᠎ᠡ᠃ ᠡᠨᠡ ᠬᠦ ᠺᠣᠮᠫᠠᠨᠢ ᠪᠣᠯ ᠮᠠᠨ ᠤ ᠪᠠᠯᠭᠠᠰᠤᠨ ᠤ ᠰᠠᠭᠤᠭᠠᠯᠢ ᠠᠷᠠᠳ ᠤᠨ | ᠥᠪᠡᠷ ᠤᠨ ᠬᠢᠨᠢ ᠠᠵᠤ ᠠᠬᠤᠶᠢᠯᠠᠯ ᠮᠥᠨ᠂ ᠺᠣᠮᠫᠠᠨᠢ ᠶᠢᠨ ᠣᠯᠤᠭᠰᠠᠨ ᠠᠰᠢᠭ ᠣᠷᠣᠯᠭ᠎ᠠ ᠶᠢ ᠴᠥᠮ ᠠᠷᠠᠳ | ᠣᠯᠠᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠳᠤ ᠬᠡᠷᠡᠭᠯᠡᠨ᠎ᠡ︾ ᠭᠡᠵᠦ ᠸᠠᠩ ᠵᠢᠶ ᠹᠦ᠋ ᠲᠠᠨᠢᠯᠴᠠᠭᠤᠯᠵᠠᠶ᠃ | ᠬᠦᠴᠦ ᠶᠢ ᠠᠰᠢᠭᠯᠠ ᠬᠥᠭᠵᠢᠭᠦᠯᠬᠦ ᠪᠣᠯ ᠮᠧᠶ ᠽᠧ ᠺᠣᠮᠫᠠᠨᠢ ᠶᠢᠨ ᠢᠯᠡ ᠲᠣᠳᠣ ᠣᠨᠴᠠᠯᠢᠭ ᠪᠣᠯᠤᠨ᠎ᠠ᠃ | ᠮᠧᠶ ᠽᠧ ᠪᠣᠯᠤᠨ ᠰᠧᠨ ᠲᠠᠢ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠯᠴᠠᠵᠤ᠂ | ᠰᠧᠨ ᠲᠠᠢ ᠣᠳᠣ ᠪᠠᠶᠢᠭ᠎ᠠ ᠬᠦᠯᠡᠮᠵᠢ ᠪᠣᠯᠤᠨ ᠴᠡᠪᠡᠷ ᠨᠣᠭᠤᠭᠠᠨ ᠤ ᠤᠶᠢᠯᠡᠳᠪᠤᠷᠢ ᠶᠢᠨ ᠲᠠᠰᠤᠭ ᠢ ᠠᠰᠢᠭᠯᠠ᠂ | ᠢᠳᠡᠰᠢᠨ ᠨᠣᠭᠤᠭ᠎ᠠ ᠶᠢ ᠲᠤᠬᠢᠷᠠᠭᠤᠯᠤᠨ ᠬᠦᠷᠭᠡᠵᠦ᠂ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠵᠢᠴᠢ | ᠴᠢᠳᠠᠪᠤᠷᠢᠲᠠᠨ ᠤ ᠨᠥᠭᠡᠴᠡ ᠶᠢ ᠠᠰᠢᠭᠯᠠ᠂ ᠬᠠᠮᠢᠶᠠᠷᠤᠯᠲᠠ ᠶᠢᠨ ᠲᠤᠷᠰᠢᠯᠭ᠎ᠠ ᠪᠣᠯᠤᠨ ᠡᠵᠡᠩᠨᠡᠯᠲᠡ ᠶᠢᠨ ᠵᠠᠭᠪᠤᠷ ᠢ | ᠰᠤᠷᠤᠯᠴᠠᠵᠤ᠂ ᠡᠵᠡᠩᠨᠡᠯᠲᠡ ᠶᠢᠨ ᠲᠦᠭᠰᠢᠭᠦᠷᠢ ᠶᠢ ᠪᠠᠭᠤᠷᠠᠭᠤᠯᠵᠤ᠂ ᠬᠠᠮᠲᠤ ᠶᠢᠨ ᠠᠵᠤ ᠠᠬᠤᠢ ᠶᠢᠨ ᠺᠣᠮᠫᠠᠨᠢ ᠶᠢᠨ | ᠠᠰᠢᠭ ᠣᠷᠣᠯᠭ᠎ᠠ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ | ᠨᠡᠮᠡᠷᠢᠯᠡᠪᠡ᠃ ᠡᠭᠦᠨ ᠤ ᠬᠠᠮᠲᠤ᠂ ᠮᠧᠶ ᠽᠧ ᠺᠣᠮᠫᠠᠨᠢ ᠤᠯᠠᠭᠠᠨ ᠨᠠᠭᠤᠷ ᠪᠠᠯᠭᠠᠰᠤᠨ ᠤ ᠶᠠᠳᠠᠭᠤ ᠬᠦᠴᠢᠷᠳᠡᠯᠲᠡᠶ | ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠰᠠᠭᠤᠭᠠᠯᠢ ᠠᠷᠠᠳ᠂ ᠨᠠᠮ ᠤᠨ ᠭᠡᠰᠢᠭᠦᠳ ᠠᠴᠠ ᠪᠡᠯᠡ | ᠮᠥᠩᠭᠦ ᠴᠤᠭᠯᠠᠭᠤᠯᠵᠤ᠂ ᠨᠡᠶᠢᠲᠡ 25 ᠬᠥᠮᠦᠨ 23 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ 3 | ᠨᠣᠭᠤᠭ᠎ᠠ ᠲᠦᠭᠡᠭᠡᠬᠦ ᠲᠡᠷᠭᠡ ᠬᠤᠳᠠᠯᠳᠤᠨ ᠠᠪᠴᠠᠶ︔ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ | ᠺᠣᠮᠫᠠᠨᠢ ᠳᠤ ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠲᠥᠷᠥᠯ ᠵᠤᠶᠢᠯ ᠤᠨ ᠪᠡᠯᠡ ᠮᠥᠩᠭᠦ 10 ᠲᠦᠮᠡᠨ | ᠲᠥᠭᠦᠷᠢᠭ ᠬᠠᠩᠭᠠᠵᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠪᠡ᠃ | ᠣᠳᠣᠬᠠᠨ ᠪᠣᠯᠲᠠᠯ᠎ᠠ᠂ ᠴᠡᠪᠡᠷ ᠨᠣᠭᠤᠭ᠎ᠠ ᠶᠢ ᠲᠤᠬᠢᠷᠠᠭᠤᠯᠤᠨ ᠬᠦᠷᠭᠡᠬᠦ ᠲᠥᠷᠥᠯ ᠵᠤᠶᠢᠯ ᠤᠨ ᠬᠠᠲᠠᠭᠤ | ᠲᠣᠨᠤᠭ ᠤᠨ ᠪᠦᠲᠦᠭᠡᠨ ᠪᠠᠶᠢᠭᠤᠯᠤᠯᠲᠠ ᠨᠢᠭᠡᠨᠲᠡ ᠳᠠᠭᠤᠰᠴᠤ᠂ ᠴᠣ᠋ ᠰᠢᠨ᠎ᠡ ᠪᠤᠯᠪᠠᠰᠤᠷᠠᠭᠤᠯᠬᠤ ᠲᠥᠬᠦᠭᠡᠷᠦᠮᠵᠢ ᠶᠢ | ᠴᠡᠪᠡᠷ ᠨᠣᠭᠤᠭᠠᠨ ᠤ ᠤᠶᠢᠯᠡᠳᠪᠤᠷᠢ ᠶᠢᠨ ᠳᠠᠰᠤᠭ ᠲᠤ ᠲᠠᠯᠪᠢᠪᠠ᠃ ︽ᠨᠣᠭᠤᠭ᠎ᠠ ᠤᠬᠢᠶᠠᠬᠤ᠂ ᠬᠠᠭᠰᠠᠭᠠᠬᠤ᠂ | ᠪᠣᠭᠤᠳᠠᠯᠯᠠᠬᠤ ᠭᠤᠷᠪᠠᠨ ᠠᠯᠬᠤᠮ ᠢᠶᠠᠷ ᠨᠣᠭᠤᠭ᠎ᠠ ᠴᠡᠪᠡᠷᠰᠢᠭᠦᠯᠬᠦ ᠶᠠᠪᠤᠴᠠ ᠶᠢ ᠪᠡᠶᠡᠯᠡᠭᠦᠯᠦᠨ᠎ᠡ︾ ᠸᠠᠩ ᠵᠢᠶ ᠹᠦ᠋ | ᠲᠥᠬᠦᠭᠡᠷᠦᠮᠵᠢ ᠶᠢ ᠵᠢᠭᠠᠵᠤ᠄ ︽ᠢᠳᠡᠰᠢᠨ ᠨᠣᠭᠤᠭ᠎ᠠ ᠶᠢ ᠤᠶᠢᠯᠡᠳᠪᠤᠷᠢ ᠠᠴᠠ ᠭᠠᠷᠭᠠᠬᠤ ᠠᠴᠠ ᠡᠮᠦᠨ᠎ᠡ᠂ ᠪᠢᠳᠡ | ᠪᠠᠰᠠ ᠲᠠᠷᠢᠶᠠᠨ ᠡᠮ ᠤᠨ ᠦᠯᠡᠳᠡᠭᠳᠡᠯ ᠢ ᠰᠢᠯᠭᠠᠨ ᠪᠠᠶᠢᠴᠠᠭᠠᠳᠠᠭ᠂ ᠭᠠᠭᠴᠠ ᠬᠦ ᠬᠢᠷᠢ ᠲᠡᠩᠴᠡᠭᠰᠡᠨ ᠨᠣᠭᠤᠭ᠎ᠠ ᠪᠤᠯ | ᠰᠠᠶ᠋ᠢ ᠬᠢᠷᠢ ᠲᠡᠩᠴᠡᠭᠰᠡᠨ ᠲᠡᠮᠳᠡᠭ ᠨᠠᠭᠠᠵᠤ ᠤᠶᠢᠯᠡᠳᠪᠤᠷᠢ ᠠᠴᠠ ᠭᠠᠷᠴᠤ ᠪᠣᠯᠤᠨ᠎ᠠ︾᠃ ᠴᠡᠪᠡᠷ ᠨᠣᠭᠤᠭ᠎ᠠ | ᠲᠤᠬᠢᠷᠠᠭᠤᠯᠤᠨ ᠬᠦᠷᠭᠡᠬᠦ ᠲᠥᠷᠥᠯ ᠵᠤᠶᠢᠯ ᠨᠢ ᠤᠯᠠᠭᠠᠨ ᠨᠠᠭᠤᠷ ᠪᠠᠯᠭᠠᠰᠤᠨ ᠤ ᠰᠠᠭᠤᠭᠠᠯᠢ ᠠᠷᠠᠳ ᠤᠨ ᠨᠣᠭᠤᠭ᠎ᠠ | ᠬᠤᠳᠠᠯᠳᠤᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠨᠣᠭᠤᠭ᠎ᠠ ᠲᠠᠷᠢᠬᠤ ᠶᠢ | ᠳᠠᠶᠢᠴᠢᠯᠠᠨ ᠣᠷᠣᠯᠭ᠎ᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠨᠣᠭᠤᠭ᠎ᠠ ᠲᠠᠷᠢᠬᠤ ᠬᠠᠯᠠᠭᠤᠨ ᠰᠡᠳᠬᠢᠯᠭᠡ ᠶᠢ | ᠬᠦᠭᠵᠢᠭᠡᠪᠡ᠃ ᠵᠤᠨ ᠤ ᠤᠯᠠᠷᠢᠯ ᠤᠨ ᠢᠳᠡᠰᠢᠨ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠤᠯᠠᠷᠢᠯ ᠳᠤ | ᠢᠳᠡᠰᠢᠨ ᠨᠣᠭᠤᠭ᠎ᠠ ᠨᠢ ᠭᠤᠤᠯᠳᠠᠭᠤ ᠶᠡᠭᠡ ᠲᠠᠷᠢᠶᠠᠨ ᠤ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠲᠠᠷᠢᠭᠰᠠᠨ | ᠢᠳᠡᠰᠢᠨ ᠨᠣᠭᠤᠭ᠎ᠠ ᠠᠴᠠ ᠢᠷᠡᠯᠲᠡ ᠲᠠᠢ ᠶᠤᠮ᠃ ᠡᠶᠢᠮᠦ ᠠᠴᠠ ᠮᠧᠶ ᠽᠧ ᠺᠣᠮᠫᠠᠨᠢ ᠲᠡᠳᠡᠨ ᠤ ᠲᠠᠷᠢᠭᠰᠠᠨ | ᠢᠳᠡᠰᠢᠨ ᠨᠣᠭᠤᠭ᠎ᠠ ᠳᠤ ᠴᠢᠩᠭ᠎ᠠ ᠱᠠᠭᠠᠷᠳᠠᠯᠭ᠎ᠠ ᠳᠤᠷᠠᠳᠴᠤ᠂ ᠨᠡᠩ ᠢᠯᠠᠩᠭᠤᠶ᠎ᠠ ᠬᠡᠪᠴᠢᠶ᠎ᠡ ᠠᠴᠠ ᠬᠡᠲᠦᠷᠡᠭᠰᠡᠨ | ᠲᠠᠷᠢᠶᠠᠨ ᠡᠮ ᠢ ᠬᠡᠷᠡᠭᠯᠡᠵᠦ ᠪᠣᠯᠬᠤ ᠦᠭᠡᠢ ᠭᠡᠵᠠᠢ︔ ᠡᠪᠦᠯ ᠤᠨ ᠤᠯᠠᠷᠢᠯ ᠳᠤ ᠭᠤᠤᠯᠳᠠᠭᠤ ᠪᠠᠯᠭᠠᠰᠤᠨ ᠤ | ᠬᠦᠯᠡᠮᠵᠢ ᠳᠤ ᠲᠠᠷᠢᠭᠰᠠᠨ ᠢᠳᠡᠰᠢᠨ ᠨᠣᠭᠤᠭ᠎ᠠ ᠶᠢ ᠬᠤᠳᠠᠯᠳᠤᠨ ᠠᠪᠲᠠᠭ᠂ ᠬᠡᠷᠪᠡ ᠨᠣᠭᠤᠭ᠎ᠠ ᠶᠢᠨ ᠲᠤᠭ᠎ᠠ ᠬᠡᠮᠵᠢᠶ᠎ᠡ | ᠬᠦᠷᠬᠦ ᠥᠬᠡᠶ ᠪᠤᠶᠤ ᠲᠥᠷᠥᠯ ᠵᠤᠶᠢᠯ ᠨᠢ ᠪᠦᠷᠢᠨ ᠪᠤᠰᠤ ᠪᠣᠯ ᠵᠠᠬ᠎ᠠ ᠳᠡᠯᠭᠡᠭᠦᠷ ᠠᠴᠠ ᠴᠢᠨᠠᠷ ᠰᠠᠶᠢᠲᠠᠶ ᠢᠳᠡᠰᠢᠨ | ᠨᠣᠭᠤᠭ᠎ᠠ ᠶᠢ ᠬᠤᠳᠠᠯᠳᠤᠨ ᠠᠪᠴᠤ ᠬᠡᠷᠡᠭᠯᠡᠭᠴᠢ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠬᠤ | ᠪᠣᠯᠤᠨ᠎ᠠ᠃ ᠴᠡᠪᠡᠷ ᠨᠣᠭᠤᠭ᠎ᠠ ᠶᠢ ᠲᠤᠬᠢᠷᠠᠭᠤᠯᠤᠨ ᠬᠦᠷᠭᠡᠬᠦ ᠲᠥᠷᠥᠯ ᠵᠤᠶᠢᠯ ᠨᠢ ᠪᠠᠰᠠ ᠶᠠᠳᠠᠭᠤ ᠬᠦᠴᠢᠷᠳᠡᠯᠲᠡᠶ | ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠣᠳᠣ ᠪᠣᠯᠲᠠᠯ᠎ᠠ᠂ 6 ᠶᠠᠳᠠᠭᠤ ᠬᠦᠴᠢᠷᠳᠡᠯᠲᠡᠶ | ᠡᠷᠦᠬᠡ ᠶᠢ ᠠᠵᠤ ᠠᠬᠤᠶᠢᠯᠠᠯ ᠳᠤ ᠠᠵᠢᠯ ᠣᠯᠭᠤᠪᠠ᠃ ᠲᠡᠳᠡ ᠲᠣᠭᠲᠠᠭᠰᠠᠨ ᠴᠠᠭ ᠤᠨ ᠳᠣᠲᠣᠷ᠎ᠠ ᠨᠣᠭᠤᠭ᠎ᠠ | ᠤᠬᠢᠶᠠᠬᠤ᠂ ᠲᠡᠭᠰᠢᠯᠡᠬᠦ᠂ ᠲᠡᠷᠭᠡᠨ ᠳᠤ ᠲᠡᠭᠡᠭᠡᠬᠦ ᠵᠡᠷᠭᠡ ᠠᠵᠢᠯ ᠢ ᠬᠢᠵᠦ᠂ ᠡᠳᠦᠷ ᠪᠦᠷᠢ ᠵᠠᠭᠤᠨ ᠲᠥᠭᠦᠷᠢᠭ ᠤᠨ | ᠣᠷᠣᠯᠭ᠎ᠠ ᠲᠠᠢ ᠪᠠᠶᠢᠳᠠᠭ᠃ | ︽ᠠᠵᠤ ᠠᠬᠤᠶᠢᠯᠠᠯ 2018 ᠤᠨ ᠰᠡᠭᠦᠯᠴᠢ ᠪᠠᠷ ᠪᠠᠶᠢᠭᠤᠯᠤᠭᠳᠠᠵᠤ᠂ 8 ᠰᠠᠷ᠎ᠠ ᠭᠠᠷᠤᠶ ᠪᠡᠯᠡᠳᠬᠡᠯ ᠢᠶᠠᠷ | ᠳᠠᠮᠵᠢᠨ ᠣᠳᠣ ᠵᠢᠩᠬᠢᠨᠢ ᠪᠠᠷ ᠡᠵᠡᠩᠨᠡᠬᠦ ᠪᠣᠯᠵᠠᠶ︾᠃ ᠸᠠᠩ ᠵᠢᠶ ᠹᠦ᠋᠄ ︽ᠲᠣᠯᠣᠭᠠᠶᠢᠯᠠᠭᠴᠢ ᠲᠠᠷᠢᠶᠠᠯᠠᠩ ᠤᠨ ᠠᠵᠤ | ᠠᠬᠤᠶᠢᠯᠠᠯ ᠠᠴᠠ ᠰᠤᠷᠤᠯᠴᠠᠵᠤ᠂ ᠬᠦᠴᠦᠨ ᠢ ᠠᠰᠢᠭᠯᠠᠨ ᠬᠥᠭᠵᠢᠭᠦᠯᠬᠦ ᠶᠢᠨ ᠬᠠᠮᠲᠤ᠂ ᠯᠠᠪᠳᠠᠭᠤᠨ ᠢᠶᠠᠷ ᠠᠬᠢᠭᠤᠯᠵᠤ | ᠂ ᠵᠠᠬ᠎ᠠ ᠳᠡᠯᠭᠡᠭᠦᠷ ᠢ ᠥᠷᠭᠡᠳᠬᠡᠨ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠦᠨᠡᠨ ᠬᠦ ᠠᠰᠢᠭ ᠲᠤᠰᠠ | ᠪᠠ ᠠᠰᠠᠷᠠᠮᠵᠢ ᠬᠦᠷᠲᠡᠭᠡᠬᠦ ᠬᠡᠷᠡᠭᠲᠡᠶ︾ ᠭᠡᠵᠠᠢ᠃ | |