ᠦᠬᠠᠶ ᠬᠤᠲᠠ ᠶᠢᠨ ᠬᠠᠶᠢᠷᠤᠪ ᠤᠨ ᠲᠣᠬᠤᠢ ᠶᠢᠨ ᠬᠤᠲᠠ ᠶᠢᠨ ᠤᠰᠤ ᠬᠠᠩᠭᠠᠬᠤ ᠺᠣᠮᠫᠠᠨᠢ ᠶᠢᠨ ᠶᠠᠩ ᠳ᠋ᠦᠩ ᠾᠧ ᠨᠡᠷ ᠤᠳᠠ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2019-08-20
       2019 ᠤᠨ 8 ᠰᠠᠷ᠎ᠠ ᠶᠢᠨ 16 ᠤ ᠡᠳᠦᠷ᠂ ᠬᠠᠶᠢᠷᠤᠪ ᠤᠨ ᠲᠣᠬᠤᠢ ᠶᠢᠨ ᠬᠤᠲᠠ ᠶᠢᠨ ᠤᠰᠤ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠩ ᠳ᠋ᠦᠩ ᠾᠧ᠂ ᠳᠡᠳ᠋ ᠶᠡᠷᠦᠩᠬᠡᠶ ᠳᠠᠭᠠᠭᠠᠮᠠᠯ ᠹᠦ᠋ ᠵᠦᠩ ᠯᠢᠨ᠂ ᠸᠠᠩ ᠮᠢᠨ ᠨᠡᠷ ᠠᠷᠪᠠ ᠭᠠᠷᠤᠶ ᠬᠥᠮᠦᠨ ᠤᠳᠠ  ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠳᠤ ᠬᠦᠷᠴᠦ ᠲᠣᠭᠤᠷᠢᠨ ᠦᠵᠡᠵᠦ᠂ ᠰᠠᠨᠠᠯ ᠢᠶᠠᠨ ᠰᠣᠯᠢᠯᠴᠠᠪᠠ᠃ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠹᠧᠶ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠮᠲᠤ ᠪᠠᠷ᠎ᠠ ᠪᠤᠯᠵᠤ᠂ ᠤᠷᠢᠳ ᠬᠤᠵᠢᠳ ᠤᠰᠤᠨ ᠤ ᠡᠬᠢ ᠭᠠᠵᠠᠷ ᠤᠨ 2 ᠳ᠋ᠤᠭᠠᠷ ᠨᠣᠮᠧᠷ᠂ ᠬᠠᠳᠤᠨ ᠭᠤᠤᠯ ᠤᠨ ᠤᠰᠤ ᠲᠠᠲᠠᠬᠤ ᠠᠮᠠᠰᠠᠷ᠂ ᠬᠠᠳᠤᠨ ᠭᠤᠤᠯ ᠤᠨ ᠤᠰᠤ ᠴᠡᠪᠡᠷᠰᠢᠭᠦᠯᠬᠦ ᠦᠢᠯᠡᠳᠪᠦᠷᠢ᠂ ᠬᠦᠷᠢᠶᠡᠯᠡᠩ ᠲᠣᠭᠤᠷᠢᠭ ᠤᠨ ᠤᠰᠤ ᠲᠣᠬᠢᠷᠠᠭᠤᠯᠬᠤ ᠦᠢᠯᠡᠳᠪᠦᠷᠢ ᠵᠡᠷᠭᠡ ᠶᠢ ᠲᠣᠭᠤᠷᠢᠨ ᠦᠵᠡᠵᠦ᠂ ᠬᠠᠳᠤᠨ ᠭᠤᠤᠯ ᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠲᠡᠭᠡᠭᠡᠪᠦᠷᠢᠯᠡᠨ ᠬᠠᠮᠠᠭᠠᠯᠠᠬᠤ ᠬᠠᠮᠢᠶᠠᠷᠤᠯᠲᠠ᠂ ᠤᠤᠯ ᠤᠰᠤ ᠶᠢ ᠬᠢᠨᠠᠨ ᠬᠡᠮᠵᠢᠬᠦ᠂ ᠠᠦ᠋ᠲ᠋ᠣᠴᠢᠯᠠᠭᠰᠠᠨ ᠡᠵᠡᠮᠳᠡᠬᠦ ᠮᠡᠷᠭᠡᠵᠢᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠨᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃
       ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠡᠷᠬᠢᠨ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠡᠷᠡᠭᠯᠡᠭᠴᠢᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠰᠠᠶᠢᠨ ᠠᠷᠭ᠎ᠠ ᠪᠠᠷᠢᠯ᠂ ᠰᠠᠶᠢᠨ ᠲᠤᠷᠰᠢᠯᠭ᠎ᠠ ᠶᠢ ᠬᠠᠷᠢᠯᠴᠠᠨ ᠰᠤᠯᠢᠯᠴᠠᠭᠰᠠᠨ ᠪᠥᠭᠡᠳ ᠤᠰᠤ ᠬᠠᠩᠭᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠥᠭᠵᠢᠯᠲᠡ ᠶᠢᠨ ᠴᠢᠭᠯᠡᠯ ᠤᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠵᠠᠶ᠃ ᠲᠣᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠳᠠᠮᠵᠢᠨ᠂ ᠣᠯᠠᠨ ᠢᠶᠠᠷ ᠢᠶᠠᠨ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠥᠷᠭᠡᠳᠬᠡᠭᠰᠡᠨ ᠢᠶᠠᠷ ᠪᠠᠷᠠᠬᠤ ᠦᠭᠡᠢ᠂ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠣᠶᠤᠨᠴᠢᠯᠠᠭᠰᠠᠨ ᠪᠠᠶᠢᠭᠤᠯᠤᠯᠲᠠ᠂ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠬᠦ᠂ ᠳᠦᠷᠢᠮ ᠤᠨ ᠲᠡᠰ ᠳᠠᠷᠠᠭᠠᠯᠠᠯ ᠢ ᠰᠢᠯᠢᠳᠡᠭᠵᠢᠬᠦ ᠵᠡᠷᠭᠡ ᠲᠠᠯ᠎ᠠ ᠪᠠᠷ ᠰᠡᠳᠬᠢᠴᠡ ᠪᠠᠨ ᠰᠡᠩᠬᠡᠷᠡᠭᠦᠯᠵᠡᠶ
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号