ᠤᠳᠠ ᠲᠣᠭᠤᠷᠢᠭ ᠤᠨ ᠲᠦᠭᠡᠭᠡᠯ ᠤᠰᠤᠨ ᠤ ᠬᠢᠵᠠᠭᠠᠷᠲᠤ ᠺᠣᠮᠫᠠᠨᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠮᠡᠳᠡᠭᠡ ᠵᠠᠩᠭᠢ
ᠨᠡᠶᠢᠲᠡᠯᠡᠭᠰᠡᠨ ᠴᠠᠭ᠄
2019-08-20
       2019 ᠤᠨ 8 ᠰᠠᠷ᠎ᠠ ᠶᠢᠨ 16 ᠤ ᠡᠳᠦᠷ ᠤᠨ ᠦᠳᠡ ᠡᠮᠦᠨ᠎ᠡ᠂ ᠤᠳᠠ ᠲᠣᠭᠤᠷᠢᠭ ᠤᠨ ᠲᠦᠭᠡᠭᠡᠯ ᠤᠰᠤᠨ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠵᠤ ᠹᠦ᠋ ᠮᠢᠨ ᠨᠡᠶᠢᠭᠡᠮ ᠲᠣᠭᠤᠷᠢᠭ ᠤᠨ ᠲᠢᠶᠠᠨ ᠶᠤᠸᠠᠨ ᠴᠡᠴᠡᠷᠯᠢᠭ ᠲᠤ ᠬᠦᠷᠴᠦ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠤᠶᠢᠯ ᠤᠨ ᠠᠯᠪᠠᠨ ᠵᠢᠷᠤᠮ ᠤᠨ ᠬᠥᠳᠡᠯᠮᠦᠷᠢ ᠳᠤ ᠣᠷᠣᠯᠴᠠᠵᠤ᠂ ᠥᠪᠡᠷ ᠤᠨ ᠬᠠᠮᠤᠭ ᠤᠨ ᠰᠠᠶᠢᠨ ᠠᠷᠭ᠎ᠠ ᠬᠡᠯᠪᠡᠷᠢ ᠪᠣᠯᠤᠨ ᠬᠠᠮᠤᠭ ᠤᠨ ᠴᠢᠩ ᠦᠨᠡᠨᠴᠢ ᠬᠠᠯᠠᠭᠤᠨ ᠰᠡᠳᠬᠢᠯᠭᠡ ᠪᠠᠷ ᠡᠪ ᠬᠠᠮᠲᠤ ᠨᠠᠮ ᠤᠨ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠣᠯᠤᠨ ᠡᠭᠦᠷᠭᠡ ᠪᠠᠨ ᠭᠦᠢᠴᠡᠳᠬᠡᠵᠦ᠂ ᠨᠠᠮ ᠤᠨ ᠭᠡᠰᠢᠭᠦᠨ ᠤ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠪᠠ᠃  
       ᠲᠢᠶᠠᠨ ᠶᠤᠸᠠᠨ ᠴᠡᠴᠡᠷᠯᠢᠭ ᠤᠨ ᠬᠥᠳᠡᠯᠮᠦᠷᠢ ᠳᠠᠭᠤᠰᠤᠭᠰᠠᠨ ᠤ ᠳᠠᠷᠠᠭ᠎ᠠ᠂ ᠨᠠᠮ ᠤᠨ ᠭᠡᠰᠢᠭᠦᠳ ᠪᠠᠰᠠ ᠺᠣᠮᠫᠠᠨᠢ ᠶᠢᠨ ᠶᠠᠳᠠᠭᠤ ᠶᠢ ᠲᠡᠳᠬᠦᠬᠦ ᠡᠷᠦᠬᠡ ᠵᠤᠤ ᠧᠨ ᠳᠠᠩ ᠤᠨ ᠭᠡᠷ ᠲᠤ ᠬᠦᠷᠴᠦ ᠲᠠᠷᠢᠶᠠᠨ ᠴᠢᠬᠢ ᠥᠭᠴᠦ᠂ ᠨᠠᠮ ᠤᠨ ᠭᠡᠰᠢᠭᠦᠨ ᠤ ᠬᠦᠴᠢᠷ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ ᠰᠠᠨᠠᠭ᠎ᠠ ᠪᠠᠨ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠢᠯᠡᠳᠬᠡᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号