8 ᠰᠠᠷ᠎ᠠ ᠶᠢᠨ 19 ᠤ ᠡᠳᠦᠷ᠂ ᠤᠳᠠ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠶᠢᠴᠠᠭᠠᠬᠤ ᠵᠥᠪᠯᠡᠯ ᠠᠴᠠ ᠪᠦᠬᠦ ᠤᠯᠤᠰ ᠠᠴᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠺᠠᠳ᠋ᠷ ᠲᠤ ᠬᠢᠨᠠᠯᠲᠠ | ᠲᠠᠯᠪᠢᠬᠤ ᠠᠵᠢᠯ ᠤᠨ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠶ | ᠰᠡᠳᠦᠪᠲᠦ ᠬᠤᠷᠠᠯ ᠬᠤᠷᠠᠯᠳᠤᠭᠤᠯᠪᠠ᠃ | ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠨᠠᠷᠢᠨ | ᠪᠢᠴᠢᠭ ᠤᠨ ᠳᠠᠷᠤᠭ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠶᠠᠩ ᠰᠢᠶᠣᠤ | ᠴᠤᠤ ᠶᠢᠨ ᠪᠦᠬᠦ ᠤᠯᠤᠰ ᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ | ᠪᠣᠯᠪᠠᠰᠤᠷᠠᠯ ᠤᠨ ᠠᠩᠭᠢ ᠳᠡᠭᠡᠷᠡᠬᠢ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠬᠠᠮᠢᠶᠠᠷᠤᠯᠲᠠ | ᠬᠢᠨᠠᠯᠲᠠ ᠶᠢ ᠴᠢᠩᠭᠠᠳᠬᠠᠵᠤ᠂ ︽ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠷ ᠬᠠᠲᠠᠭᠤ ᠪᠠᠶᠢᠬᠤ ᠬᠡᠷᠡᠭᠲᠡᠶ︾᠂ | ︽ᠰᠠᠬᠢᠯᠭ᠎ᠠ ᠪᠠᠲᠤ ᠬᠡᠷᠡᠭᠵᠢᠭᠦᠯᠦᠭᠴᠢ ᠡᠷᠬᠡᠪᠰᠢ ᠤᠷᠢᠳᠠᠪᠠᠷ ᠰᠠᠬᠢᠯᠭ᠎ᠠ ᠪᠠᠲᠤ ᠶᠢ ᠰᠠᠬᠢᠬᠤ ᠬᠡᠷᠡᠭᠲᠡᠶ︾ ᠵᠡᠷᠭᠡ | ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠲᠣᠰ ᠪᠡᠶ᠎ᠡ ᠶᠢᠨ ᠬᠢᠨᠠᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠺᠠᠳ᠋ᠷ ᠤᠨ ᠬᠢᠨᠠᠯᠲᠠ ᠲᠠᠯᠪᠢᠬᠤ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠺᠠᠳ᠋ᠷ ᠲᠤ ᠬᠢᠨᠠᠯᠲᠠ ᠲᠠᠯᠪᠢᠬᠤ ᠠᠵᠢᠯ ᠢ ᠭᠦᠨᠵᠡᠭᠡᠶ ᠨᠠᠷᠢᠯᠢᠭ ᠬᠢᠬᠦ ᠬᠡᠷᠡᠭᠲᠡᠶ ᠭᠡᠵᠠᠢ᠃ | ᠬᠤᠷᠠᠯ ᠠᠴᠠ ᠱᠠᠭᠠᠷᠳᠠᠭᠰᠠᠨ ᠨᠢ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠺᠠᠳ᠋ᠷ ᠲᠤ ᠬᠢᠨᠠᠯᠲᠠ ᠲᠠᠯᠪᠢᠬᠤ | ᠠᠵᠢᠯ ᠤᠨ ᠰᠢᠨ᠎ᠡ ᠱᠠᠭᠠᠷᠳᠠᠯᠭ᠎ᠠ ᠶᠢ ᠵᠥᠪ ᠲᠠᠨᠢᠵᠤ᠂ ᠺᠠᠳ᠋ᠷ ᠲᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ | ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ᠲᠥᠪ ᠭᠤᠤᠯᠴᠢ ᠪᠠᠷ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠺᠠᠳ᠋ᠷ ᠲᠤ ᠬᠢᠨᠠᠯᠲᠠ ᠲᠠᠯᠪᠢᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ | ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠶ ᠭᠡᠵᠠᠢ᠃ | |