︽ᠭᠤᠷᠪᠠᠨ ᠶᠠᠪᠤᠳᠠᠯ︾ ᠢ ᠢᠯᠠ ᠪᠣᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭᠠᠳᠬᠠᠨ | ᠵᠢᠷᠤᠮᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠨᠳᠦᠰᠦᠨ ᠱᠠᠲᠤ ᠲᠡᠰᠢ | ᠤᠷᠲᠤᠳᠬᠠᠬᠤ ᠶᠢ ᠦᠨᠡᠨᠬᠦ ᠠᠬᠢᠭᠤᠯᠬᠤ ᠶᠢᠨ ᠲᠥᠯᠥᠭᠡ᠂ ᠤᠶᠢᠷ᠎ᠠ ᠳᠤ᠂ ᠤᠳᠠ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠤᠳᠠ ᠲᠣᠭᠤᠷᠢᠭ ᠤᠨ ᠡᠯ᠎ᠡ ᠵᠡᠭᠡᠯᠢ ᠭᠤᠳᠤᠮᠵᠢ | ᠂ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ︽ᠭᠤᠷᠪᠠᠨ ᠶᠠᠪᠤᠳᠠᠯ︾ ᠢ ᠢᠯᠠ ᠪᠣᠯᠭᠠᠭᠰᠠᠨ ᠪᠠᠶᠢᠳᠠᠯ ᠢ ᠪᠣᠳᠠᠲᠠᠶ | ᠭᠠᠵᠠᠷ ᠲᠤᠨᠢ ᠪᠠᠶᠢᠴᠠᠭᠠᠨ ᠦᠵᠡᠪᠡ᠃ | ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠨᠢ ᠤᠷᠢᠳᠴᠢᠯᠠᠨ ᠮᠡᠳᠡᠭᠳᠡᠬᠦ ᠦᠭᠡᠢ᠂ ᠵᠠᠮ ᠱᠤᠭᠤᠮ ᠢ | ᠲᠣᠭᠲᠠᠭᠠᠬᠤ ᠦᠭᠡᠢ ᠪᠠᠷ ᠵᠠᠷᠴᠢᠮ ᠪᠣᠯᠭᠠᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠢᠯᠡ | ᠪᠣᠯᠭᠠᠬᠤ ᠪᠤᠯᠤᠩ ᠢ ᠪᠠᠶᠢᠴᠠᠭᠠᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ | ᠭᠤᠷᠪᠠᠨ ᠶᠠᠪᠤᠳᠠᠯ︾ ᠢ ᠢᠯᠡ ᠪᠣᠯᠭᠠᠬᠤ ᠳᠦᠷᠢᠮ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠵᠢᠷᠤᠮ ᠨᠢ ᠪᠦᠷᠢᠨ | ᠲᠡᠭᠦᠯᠳᠡᠷ ᠪᠠᠶᠢᠬᠤ ᠡᠰᠡᠬᠦ᠂ ᠵᠠᠷᠯᠠᠨ ᠨᠡᠶᠢᠲᠡᠯᠡᠬᠦ ᠪᠤᠯᠤᠩ ᠨᠢ ᠵᠢᠷᠤᠮᠵᠢᠭᠤᠨ ᠪᠥᠭᠡᠳ ᠴᠡᠪᠡᠷ ᠲᠡᠭᠰᠢ ᠪᠠᠶᠢᠬᠤ ᠡᠰᠡᠬᠦ᠂ | ᠢᠯᠡ ᠪᠣᠯᠭᠠᠬᠤ ᠠᠭᠤᠯᠭ᠎ᠠ ᠨᠢ ᠦᠨᠡᠨ ᠪᠣᠳᠠᠲᠠᠶ ᠪᠥᠭᠡᠳ ᠴᠠᠭ ᠲᠤᠬᠠᠶ ᠳᠤᠨᠢ ᠪᠠᠶᠢᠬᠤ ᠡᠰᠡᠬᠦ ᠵᠡᠷᠭᠡ ᠲᠠᠯ᠎ᠠ ᠪᠠᠷ | ᠭᠤᠤᠯᠳᠠᠯᠭ᠎ᠠ ᠲᠠᠢ ᠰᠢᠪᠠᠳᠠᠨ ᠪᠠᠶᠢᠴᠠᠭᠠᠵᠤ᠂ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠠᠬᠢᠯᠲᠠ ᠶᠢᠨ | ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ | ᠣᠳᠣᠬᠠᠨ ᠳᠤ᠂ ᠨᠢᠭᠡᠨᠲᠡ ᠬᠤᠶᠠᠷ ᠵᠡᠭᠡᠯᠢ ᠭᠤᠳᠤᠮᠵᠢ᠂ ᠬᠤᠶᠠᠷ ᠨᠡᠶᠢᠭᠡᠮ ᠲᠣᠭᠤᠷᠢᠭ ᠲᠤ ᠲᠤᠬᠠᠶ ᠶᠢᠨ | ᠭᠠᠵᠠᠷ ᠤᠨ ᠬᠢᠨᠠᠨ ᠪᠠᠶᠢᠴᠠᠭᠠᠯᠲᠠ ᠬᠢᠵᠦ᠂ ︽ᠭᠤᠷᠪᠠᠨ ᠶᠠᠪᠤᠳᠠᠯ︾ ᠢ ᠢᠯᠠ ᠪᠣᠯᠭᠠᠬᠤ ᠳᠦᠷᠢᠮ ᠲᠡᠭᠦᠯᠳᠡᠷᠵᠢᠭᠡᠳᠦᠶ | ᠂ ᠢᠯᠠ ᠪᠣᠯᠭᠠᠬᠤ ᠲᠠᠪᠴᠠᠩ ᠪᠣᠯᠤᠨ ᠬᠦᠷᠢᠶ᠎ᠡ ᠬᠡᠪᠴᠢᠶ᠎ᠡ ᠱᠠᠭᠠᠷᠳᠠᠯᠭ᠎ᠠ ᠳᠤ ᠨᠡᠶᠢᠴᠡᠬᠦ ᠦᠭᠡᠢ ᠵᠡᠷᠭᠡ 10 | ᠵᠤᠶᠢᠯ ᠤᠨ ᠠᠰᠠᠭᠤᠳᠠᠯ ᠢ ᠢᠯᠡᠷᠡᠭᠦᠯᠦᠭᠰᠡᠨ ᠪᠥᠭᠡᠳ ᠭᠤᠤᠯ ᠬᠠᠷᠢᠭᠤᠴᠠᠯᠭᠠᠲᠠᠨ ᠨᠥᠬᠦᠳ ᠲᠠᠢ ᠲᠤᠬᠠᠶ ᠶᠢᠨ | ᠲᠠᠯᠠᠪᠠᠢ ᠳᠤ ᠨᠢᠭᠡ ᠨᠢᠭᠡ ᠪᠠᠷ ᠬᠠᠷᠢᠭᠤ ᠲᠤᠰᠬᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ | ᠥᠭᠡᠷᠡᠴᠢᠯᠡᠬᠦ ᠶᠢ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠣᠯᠠᠨ ᠲᠦᠮᠡᠨ ᠤ ᠡᠷᠬᠡ ᠠᠰᠢᠭ ᠢ ᠦᠨᠡᠨ | ᠬᠦ ᠪᠠᠲᠤᠯᠠᠵᠤ᠂ ᠡᠷᠬᠡ ᠶᠢ ᠢᠯᠡ ᠪᠠᠷ ᠭᠦᠢᠴᠡᠳᠬᠡᠭᠰᠡᠨ ᠪᠠᠶᠢᠨ᠎ᠠ᠃ | |