ᠰᠢᠨ ᠳ᠋ᠠ ᠵᠢᠶᠠ ᠶᠤᠸᠠᠨ ᠨᠡᠶᠢᠭᠡᠮ ᠲᠣᠭᠤᠷᠢᠭ ᠲᠤ ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ︾ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2019-08-22
      ᠵᠡᠮᠳᠡᠭᠴᠦᠳ ᠲᠤ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠵᠡᠮᠳᠡᠭᠴᠦᠳ ᠲᠤ ︽ᠬᠤᠶᠠᠷ ᠵᠤᠶᠢᠯ ᠤᠨ ᠨᠥᠬᠦᠪᠥᠷᠢ︾ ᠣᠯᠭᠤᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠤᠶᠢᠷ᠎ᠠ ᠶᠢᠨ ᠬᠤᠭᠤᠴᠠᠭᠠᠨ ᠳᠤ᠂ ᠰᠢᠨ᠎ᠡ ᠳ᠋ᠠ ᠵᠢᠶᠠ ᠶᠤᠸᠠᠨ ᠨᠡᠶᠢᠭᠡᠮ ᠲᠣᠭᠤᠷᠢᠭ ᠲᠤ ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ︾ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃        ᠬᠠᠷᠭᠤᠭᠤᠯᠤᠨ ᠪᠠᠶᠢᠴᠠᠭᠠᠭᠳᠠᠬᠤ ᠡᠲᠡᠭᠡᠳ ᠨᠢ ᠲᠤᠰ ᠬᠠᠷᠢᠶ᠎ᠠ ᠣᠷᠣᠨ ᠳᠤ ᠣᠷᠣᠰᠢᠨ ᠰᠠᠭᠤᠭᠰᠠᠨ ᠪᠥᠭᠡᠳ ᠨᠢᠭᠡᠳᠦᠭᠡᠷ᠂ ᠬᠤᠶᠠᠳᠤᠭᠠᠷ ᠲᠡᠰ ᠤᠨ ᠵᠡᠮᠳᠡᠭ ᠤᠨ ᠦᠨᠡᠮᠯᠡᠯ ᠲᠠᠢ ᠵᠡᠮᠳᠡᠭᠴᠦᠳ ᠪᠠᠶᠢᠵᠤ᠂ ︽ᠬᠤᠶᠠᠷ ᠵᠤᠶᠢᠯ ᠤᠨ ᠨᠥᠬᠦᠪᠥᠷᠢ︾ ᠭᠡᠳᠡᠭ ᠨᠢ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠪᠠ ᠭᠤᠷᠪᠠᠳᠤᠭᠠᠷ᠂ ᠳᠥᠷᠪᠡᠳᠦᠭᠡᠷ ᠲᠡᠰ ᠤᠨ ᠣᠨᠴᠠ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠵᠢᠭᠠᠵᠤ ᠪᠤᠢ᠃ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠪᠠᠷ ᠳᠠᠮᠵᠢᠵᠤ ᠮᠡᠳᠡᠭᠡ ᠵᠠᠩᠭᠢ ᠶᠢ ᠪᠦᠷᠢᠨ ᠡᠵᠡᠮᠰᠢᠭᠰᠡᠨ ᠦᠭᠡᠢ᠂ ᠴᠠᠭ ᠲᠤᠬᠠᠶ ᠳᠤᠨᠢ ᠰᠢᠨᠡᠳᠬᠡᠭᠰᠡᠨ ᠦᠭᠡᠢ ᠵᠡᠷᠭᠡ ᠰᠢᠯᠲᠠᠭᠠᠨ ᠠᠴᠠ ᠪᠣᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠬᠥᠮᠦᠰ ᠦᠷᠭᠦᠯᠵᠢᠯᠡᠨ ᠬᠦᠷᠲᠡᠬᠦ ᠪᠤᠶᠤ ᠲᠣᠰ ᠨᠥᠬᠦᠪᠥᠷᠢ ᠬᠦᠷᠲᠡᠬᠦ ᠬᠥᠮᠦᠰ ᠲᠤ ᠨᠥᠬᠦᠪᠥᠷᠢ ᠣᠯᠭᠤᠭᠰᠠᠨ ᠦᠭᠡᠢ ᠪᠠᠶᠢᠬᠤ ᠠᠴᠠ ᠵᠠᠶᠢᠯᠠᠰᠬᠢᠬᠦ ᠪᠤᠯᠤᠨ᠎ᠠ᠃        ᠵᠡᠮᠳᠡᠭᠴᠦᠳ ᠤᠨ ︽ᠬᠤᠶᠠᠷ ᠵᠤᠶᠢᠯ ᠤᠨ ᠨᠥᠬᠦᠪᠥᠷᠢ︾ ᠶᠢᠨ ᠲᠥᠷᠥ ᠶᠢᠨ ᠪᠣᠳᠣᠯᠭ᠎ᠠ ᠨᠢ ᠨᠠᠮ ᠪᠠ ᠵᠠᠰᠠᠭ ᠤᠨ ᠣᠷᠳᠣᠨ ᠠᠴᠠ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠵᠡᠮᠳᠡᠭᠴᠦᠳ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠡᠯ ᠢ ᠮᠡᠳᠡᠷᠡᠭᠦᠯᠵᠦ᠂ ᠮᠠᠨ ᠤ ᠤᠯᠤᠰ ᠤᠨ ᠵᠡᠮᠳᠡᠭᠴᠦᠳ ᠢ ᠲᠤᠰᠠᠯᠠᠵᠤ ᠵᠡᠮᠳᠡᠭᠴᠦᠳ ᠢ ᠲᠡᠳᠬᠦᠬᠦ ᠶᠠᠪᠤᠳᠠᠯ ᠢ ᠲᠤᠯᠬᠢᠨ ᠠᠬᠢᠭᠤᠯᠤᠭᠰᠠᠨ ᠪᠠᠶᠢᠨ᠎ᠠ᠃
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号