【ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ ᠴᠢᠩᠭᠠᠳᠬᠠᠨ᠎ᠠ】ᠠᠮᠢ ᠠᠬᠤᠢ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2019-08-26
       8 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠠᠶᠢᠴᠢᠯᠠᠯᠲᠠ ᠪᠣᠯᠪᠠᠰᠤᠷᠠᠭᠤᠯᠤᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠤᠳᠠ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠣᠰ ᠤᠳᠠᠭᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ 8 ᠳ᠋ᠤᠭᠠᠷ ᠰᠠᠷ᠎ᠠ ᠶᠢᠨ 20 ᠤ ᠡᠳᠦᠷ ᠤᠳᠠ ᠲᠣᠭᠤᠷᠢᠭ ᠤᠨ 20 ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ︾ ᠲᠤᠬᠠᠢ ᠶᠡᠭᠡ ᠬᠤᠷᠠᠯ ᠢ ᠬᠤᠷᠠᠯᠳᠤᠭᠤᠯᠪᠠ᠃        ᠣᠷᠣᠨ ᠪᠦᠰᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠳᠠ ᠲᠣᠭᠤᠷᠢᠭ ᠤᠨ ᠠᠮᠢ ᠠᠬᠤᠶ ᠣᠷᠴᠢᠨ ᠠᠬᠤᠢ ᠶᠢᠨ ᠬᠤᠪᠢᠶᠠᠷᠢ ᠲᠣᠪᠴᠢᠶ᠎ᠠ ᠠᠴᠠ ᠡᠯ᠎ᠡ ᠠᠵᠤ ᠠᠬᠤᠶᠢᠯᠠᠯ ᠢ ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠳᠤ ᠬᠢᠨᠠᠮᠠᠭᠠᠶ ᠬᠠᠨᠳᠤᠵᠤ᠂ ᠠᠵᠤ ᠠᠬᠤᠶᠢᠯᠠᠯ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠪᠣᠬᠢᠷᠲᠤᠯ ᠢ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ᠂ ᠭᠤᠤᠯᠳᠠᠭᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠠᠶᠤᠯᠲᠠᠶ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠣᠷᠴᠢᠨ ᠠᠬᠤᠢ ᠶᠢᠨ ᠨᠥᠯᠥᠭᠡᠯᠡᠯ ᠢ ᠦᠨᠡᠯᠡᠬᠦ ᠪᠠ ︽ᠭᠤᠷᠪᠠ ᠶᠢ ᠬᠠᠮᠲᠤ ᠳᠤᠨᠢ ᠬᠢᠬᠦ︾ ᠳᠦᠷᠢᠮ ᠢ ᠨᠠᠶᠢᠳᠠᠪᠤᠷᠢᠵᠢᠭᠤᠯᠬᠤ ᠪᠠᠶᠢᠭ᠎ᠠ ᠪᠠᠶᠢᠳᠠᠯ ᠵᠡᠷᠭᠡ ᠲᠠᠯ᠎ᠠ ᠠᠴᠠ ᠣᠷᠴᠢᠨ ᠠᠬᠤᠢ ᠶᠢᠨ ᠬᠠᠮᠠᠭᠠᠯᠠᠯᠲᠠ ᠶᠢᠨ ᠠᠰᠠᠭᠤᠳᠠᠯ ᠢ ᠥᠪᠡᠰᠦᠪᠡᠨ ᠪᠠᠶᠢᠴᠠᠭᠠᠬᠤ ᠶᠢᠨ ᠬᠠᠮᠲᠤ ᠴᠡᠭᠴᠡᠯᠡᠨ ᠵᠠᠰᠠᠬᠤ ᠡᠬᠡ ᠳᠠᠩᠰᠠ ᠪᠠᠶᠢᠭᠤᠯᠵᠤ᠂ ᠣᠯᠵᠤ ᠮᠡᠳᠡᠭᠰᠡᠨ ᠣᠷᠴᠢᠨ ᠠᠬᠤᠢ ᠶᠢᠨ ᠳᠠᠯᠳᠠ ᠬᠡᠮ ᠰᠣᠭᠤᠭ ᠲᠤ ᠴᠢᠭᠯᠡᠭᠦᠯᠦᠨ ᠳᠣᠤᠷ᠎ᠠ ᠨᠢ ᠬᠡᠷᠡᠭᠵᠢᠭᠦᠯᠵᠦ ᠳᠣᠤᠷ᠎ᠠ ᠨᠢ ᠥᠭᠡᠷᠡᠴᠢᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠤᠳᠠ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠤᠰᠤᠨ ᠳᠤ ᠬᠤᠯᠪᠣᠭᠳᠠᠬᠤ᠂ ᠰᠢᠲᠠᠮᠠᠬᠠᠶ ᠬᠡᠢ ᠳᠤ ᠬᠤᠯᠪᠣᠭᠳᠠᠬᠤ ᠠᠵᠤ ᠠᠬᠤᠶᠢᠯᠠᠯ ᠡᠷᠬᠡᠪᠰᠢ ᠡᠯ᠎ᠡ ᠵᠤᠶᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠬᠡᠷᠡᠭᠲᠡᠶ︔ ᠬᠢᠮᠢ ᠶᠢᠨ ᠠᠵᠤ ᠦᠢᠯᠡᠳᠪᠦᠷᠢ ᠣᠨᠴᠠᠭᠠᠢ ᠦᠨᠦᠷ ᠠᠮᠲᠠ ᠶᠢ ᠵᠠᠰᠠᠬᠤ ᠠᠬᠢᠴᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠥᠬᠡᠶ ᠭᠠᠳᠠᠭᠰᠢᠯᠠᠭᠤᠯᠤᠯᠲᠠ ᠶᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ︔ ᠠᠭᠠᠷ ᠮᠠᠨᠳᠠᠯ ᠢ ᠵᠠᠰᠠᠬᠤ ᠶᠢᠨ ᠡᠭᠦᠷᠭᠡ ᠶᠢ ᠡᠭᠦᠷᠭᠡᠯᠡᠭᠰᠡᠨ ᠠᠵᠤ ᠠᠬᠤᠶᠢᠯᠠᠯ ᠨᠢ ᠥᠭᠡᠷᠡᠴᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃        ᠵᠠᠯᠭᠠᠭᠠᠳ᠂ ᠤᠳᠠ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠵᠢᠯᠣᠭᠤᠳᠤᠯᠭ᠎ᠠ ᠪᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠶ ᠦᠷ᠎ᠡ ᠪᠦᠲᠦᠮᠵᠢ ᠪᠠᠷ ᠢᠲᠡᠭᠡᠮᠵᠢ ᠣᠯᠬᠤ ᠪᠣᠯᠤᠨ᠎ᠠ︔ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠠᠲᠠᠭᠤ ᠳᠠᠶᠢᠯᠠᠯᠳᠤᠭᠠᠨ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠰ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠡᠭᠦᠷᠭᠡ ᠶᠢ ᠰᠠᠶᠢᠲᠤᠷ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号