8 ᠰᠠᠷ᠎ᠠ ᠶᠢᠨ 21 ᠤ ᠡᠳᠦᠷ᠂ ᠤᠳᠠ ᠲᠣᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ︽ᠬᠤᠳᠠᠯᠳᠤᠨ ᠠᠪᠬᠤ ᠪᠠᠷ ᠬᠠᠨᠳᠢᠪᠯᠠᠬᠤ ᠶᠢ | ᠣᠷᠣᠯᠠᠭᠤᠯᠬᠤ︾ ᠵᠠᠭᠪᠤᠷ ᠢᠶᠠᠷ᠂ ᠥᠪᠥᠷ ᠮᠣᠩᠭᠤᠯ ᠤᠨ ᠵᠢᠦ ᠠᠨ ᠳᠡᠯᠪᠡᠴᠢᠬᠦ ᠺᠣᠮᠫᠠᠨᠢ ᠤᠯᠠᠭᠠᠨ ᠨᠠᠭᠤᠷ | ᠪᠠᠯᠭᠠᠰᠤ ᠶᠢᠨ ᠠᠷᠠᠳ ᠢ ᠪᠠᠶᠠᠵᠢᠭᠤᠯᠬᠤ ᠨᠡᠶᠢᠭᠡᠮ ᠲᠣᠭᠤᠷᠢᠭ ᠤᠨ ᠶᠠᠳᠠᠭᠤ ᠬᠦᠴᠢᠷᠳᠡᠯᠲᠡᠶ ᠡᠷᠦᠬᠡ ᠯᠢᠦ ᠬᠤ᠋ | ᠢ ᠶᠢᠨ ᠲᠡᠵᠢᠭᠡᠨ ᠦᠷᠡᠵᠢᠭᠦᠯᠦᠭᠰᠡᠨ 73 ᠡᠷᠡᠭᠴᠢᠨ ᠳᠠᠬᠢᠶ᠎ᠠ ᠶᠢ ᠬᠤᠳᠠᠯᠳᠤᠨ ᠠᠪᠴᠤ᠂ ᠦᠨ᠎ᠡ ᠥᠷᠲᠡᠭ ᠨᠢ | ᠶᠢᠰᠦᠨ ᠮᠢᠩᠭᠠᠨ ᠲᠥᠭᠦᠷᠢᠭ ᠲᠤ ᠣᠶᠢᠷᠠᠳᠴᠠᠶ᠃ | ᠦᠬᠠᠶ ᠬᠤᠲᠠ ᠶᠢᠨ ᠤᠳᠠ ᠲᠣᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠡᠷᠦᠩᠬᠡᠶ ᠠᠩᠭᠢ ᠶᠢᠨ ᠰᠠᠭᠤᠷᠢᠰᠢᠭᠰᠠᠨ ᠠᠴᠠ ᠨᠠᠰᠢ᠂ ᠪᠦᠬᠦ ᠬᠤᠲᠠ ᠳᠤ ᠡᠩ ᠲᠡᠷᠢᠭᠦᠨ ᠳᠤ ︽ | ᠬᠤᠳᠠᠯᠳᠤᠨ ᠠᠪᠬᠤ ᠪᠠᠷ ᠬᠠᠨᠳᠢᠪᠯᠠᠬᠤ ᠶᠢ ᠣᠷᠣᠯᠠᠭᠤᠯᠬᠤ︾ ᠶᠠᠳᠠᠭᠤ ᠶᠢ ᠲᠡᠳᠬᠦᠬᠦ ᠵᠠᠭᠪᠤᠷ ᠢ ᠳᠡᠯᠭᠡᠷᠡᠭᠦᠯᠵᠦ᠂ | ᠲᠠᠷᠢᠶᠠᠯᠠᠬᠤ ᠣᠷᠣᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠤᠶᠢᠯ ᠤᠨ ᠲᠠᠷᠢᠶᠠᠯᠠᠩ ᠲᠤᠰᠠᠯᠠᠬᠤ | ᠠᠵᠤ ᠠᠬᠤᠢ ᠶᠢᠨ ᠪᠦᠲᠦᠭᠡᠭᠳᠡᠬᠦᠨ ᠢ ᠬᠠᠨᠳᠤᠯᠭ᠎ᠠ ᠲᠠᠢ ᠪᠠᠷ ᠰᠢᠭᠤᠳ ᠬᠠᠩᠭᠠᠬᠤ ᠠᠵᠤ ᠠᠬᠤᠶᠢᠯᠠᠯ ︵ᠨᠢᠭᠡᠴᠡ︶ ᠢ | ᠵᠣᠬᠢᠶᠠᠨ ᠪᠠᠶᠢᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠵᠦ᠂ ᠶᠠᠳᠠᠭᠤ ᠬᠦᠴᠢᠷᠳᠡᠯᠲᠡᠶ | ᠡᠷᠦᠬᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠤ ᠵᠣᠪᠠᠭ᠋ᠤ ᠦᠭᠡᠢ ᠪᠠᠶᠢᠬᠤ ᠶᠢ ᠪᠠᠲᠤᠯᠠᠪᠠ᠃ ᠯᠢᠦ | ᠬᠤ᠋ ᠢ 73 ᠤᠯᠠᠭᠠᠨ ᠡᠷᠡᠭᠴᠢᠨ ᠳᠠᠬᠢᠶ᠎ᠠ ᠬᠤᠳᠠᠯᠳᠤᠵᠤ ᠭᠠᠷᠭᠠᠭᠰᠠᠨ ᠨᠢ ᠳᠠᠷᠤᠶ ᠡᠨᠡᠬᠦ ᠬᠡᠪ ᠵᠠᠭᠪᠤᠷ ᠤᠨ ᠦᠷ᠎ᠡ | ᠪᠦᠲᠦᠭᠡᠯ ᠪᠣᠯᠤᠨ᠎ᠠ᠃ | ᠨᠢᠳᠤᠨᠤᠨ᠂ ᠯᠢᠦ ᠬᠤ᠋ ᠢ ᠳᠠᠬᠢᠶ᠎ᠠ ᠲᠡᠵᠢᠭᠡᠬᠦ ᠲᠤᠷᠰᠢᠯᠭ᠎ᠠ ᠲᠠᠢ ᠪᠠᠶᠢᠬᠤ ᠶᠢ ᠣᠯᠵᠤ ᠮᠡᠳᠡᠭᠡᠳ᠂ ᠹᠦ᠋ ᠮᠢᠨ | ᠨᠡᠶᠢᠭᠡᠮ ᠲᠣᠭᠤᠷᠢᠭ ᠲᠣᠰᠬᠤᠨ ᠳᠤ ᠰᠠᠭᠤᠵᠤ᠂ ᠨᠡᠶᠢᠭᠡᠮ ᠲᠣᠭᠤᠷᠢᠭ ᠤᠨ ᠰᠤᠯᠠ ᠬᠠᠶᠠᠭᠳᠠᠵᠤ ᠪᠠᠶᠢᠭ᠎ᠠ ᠬᠦᠷᠢᠶ᠎ᠡ ᠶᠢ | ᠠᠰᠢᠭᠯᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠡᠷᠡᠮᠡᠯᠵᠡᠯ ᠢ ᠬᠤᠷᠢᠶᠠᠵᠤ᠂ ᠯᠢᠦ ᠬᠤ᠋ ᠢ ᠠᠴᠠ | ᠨᠢᠭᠡᠳᠦᠯᠲᠡᠶ ᠬᠠᠮᠢᠶᠠᠷᠴᠤ᠂ ᠲᠡᠵᠢᠭᠡᠨ ᠦᠷᠡᠵᠢᠭᠦᠯᠪᠡ︔ ᠶᠠᠳᠠᠭᠤ ᠬᠦᠴᠢᠷᠳᠡᠯᠲᠡᠶ ᠡᠷᠦᠬᠡ ᠥᠪᠡᠷ ᠢᠶᠠᠷ ᠨᠢᠭᠡ ᠬᠡᠰᠡᠭ | ᠵᠣᠭᠤᠰ ᠭᠠᠷᠭᠠᠵᠤ᠂ ᠵᠠᠰᠠᠭ ᠤᠨ ᠣᠷᠳᠣᠨ ᠤ ᠶᠠᠳᠠᠭᠤ ᠬᠦᠴᠢᠷᠳᠡᠯᠲᠡᠶ ᠡᠷᠦᠬᠡ ᠶᠢᠨ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠳᠤ ᠨᠢᠭᠡ ᠬᠡᠰᠡᠭ ᠨᠥᠬᠦᠪᠥᠷᠢ ᠦᠭᠴᠦ᠂ ᠬᠠᠪᠰᠤᠷᠤᠨ ᠲᠡᠳᠬᠦᠬᠦ ᠨᠢᠭᠡᠴᠡ ᠠᠴᠠ ᠨᠢᠭᠡ ᠬᠡᠰᠡᠭ ᠢ | ᠬᠠᠪᠰᠤᠷᠤᠨ ᠲᠡᠳᠬᠦᠬᠦ ︽ᠭᠤᠷᠪᠠᠨ ᠨᠢᠭᠡ ᠴᠡᠭ︾ ᠤᠨ ᠠᠷᠭ᠎ᠠ ᠮᠠᠶ᠋ᠢᠭ ᠢ ᠠᠪᠴᠤ ᠡᠮᠦᠨᠡᠬᠢ ᠬᠤᠭᠤᠴᠠᠭᠠᠨ ᠤ ᠪᠡᠯᠡ | ᠣᠷᠣᠭᠤᠯᠤᠯᠲᠠ ᠶᠢᠨ ᠪᠡᠯᠡ ᠮᠥᠩᠭᠦ ᠶᠢ ᠪᠦᠷᠢᠯᠳᠦᠭᠦᠯᠦᠨ᠎ᠡ᠃ 3 ᠰᠠᠷ᠎ᠠ ᠲᠡᠵᠢᠭᠡᠨ ᠠᠷᠠᠴᠢᠯᠠᠬᠤ ᠪᠠᠷ ᠳᠠᠮᠵᠢᠨ᠂ ︽ | ᠬᠤᠳᠠᠯᠳᠤᠨ ᠠᠪᠬᠤ ᠪᠠᠷ ᠬᠠᠨᠳᠢᠪᠯᠠᠬᠤ ᠶᠢ ᠣᠷᠣᠯᠠᠭᠤᠯᠬᠤ︾ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠪᠣᠷᠣᠯᠠᠭᠤᠯᠵᠤ | ᠂ ᠡᠴᠦᠰ ᠲᠡᠭᠡᠨ ᠣᠷᠣᠯᠭ᠎ᠠ ᠪᠠᠨ ᠴᠥᠮ ᠬᠠᠮᠵᠢᠯᠴᠠᠭ᠎ᠠ ᠳᠤ ᠣᠷᠣᠯᠴᠠᠭᠰᠠᠨ 14 ᠶᠠᠳᠠᠭᠤ ᠬᠦᠴᠢᠷᠳᠡᠯᠲᠡᠶ | ᠡᠷᠦᠬᠡ ᠳᠤ ᠬᠤᠪᠢᠶᠠᠨ ᠥᠭᠴᠦ᠂ ᠡᠷᠦᠬᠡ ᠪᠦᠷᠢ ᠳᠤ 2645 ᠲᠥᠭᠦᠷᠢᠭ ᠬᠤᠪᠢᠶᠠᠨ ᠥᠭᠴᠡᠶ᠃ | ᠡᠨᠡ ᠵᠢᠯ᠂ ᠲᠣᠰᠬᠤᠨ ᠳᠤ ᠰᠠᠭᠤᠭ᠎ᠠ ᠠᠵᠢᠯ ᠤᠨ ᠶᠡᠷᠦᠩᠬᠡᠶ ᠠᠩᠭᠢ ᠠᠴᠠ ᠶᠠᠳᠠᠭᠤ ᠬᠦᠴᠢᠷᠳᠡᠯᠲᠡᠶ | ᠡᠷᠦᠬᠡ ᠶᠢᠨ ᠪᠡᠶᠡᠴᠢ ᠴᠢᠳᠠᠪᠤᠷᠢ ᠪᠠᠨ ᠥᠪᠡᠷᠲᠡᠭᠡᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠵᠤ᠂ ᠵᠠᠰᠠᠭ ᠤᠨ | ᠣᠷᠳᠣᠨ ᠠᠴᠠ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠲᠠᠯ᠎ᠠ ᠪᠠᠷ ᠳᠡᠮᠵᠢᠯᠭᠡ ᠦᠵᠡᠭᠦᠯᠵᠦ᠂ ︽ᠬᠤᠳᠠᠯᠳᠤᠨ | ᠠᠪᠬᠤ ᠪᠠᠷ ᠬᠠᠨᠳᠢᠪᠯᠠᠬᠤ ᠶᠢ ᠣᠷᠣᠯᠠᠭᠤᠯᠬᠤ︾ ᠵᠠᠭᠪᠤᠷ ᠢᠶᠠᠷ ᠬᠠᠪᠰᠤᠷᠤᠨ ᠲᠡᠳᠬᠦᠵᠦ᠂ ᠶᠠᠳᠠᠭᠤ ᠬᠦᠴᠢᠷᠳᠡᠯᠲᠡᠶ | ᠡᠷᠦᠬᠡ ᠶᠢᠨ ᠶᠠᠳᠠᠭᠤ ᠠᠴᠠ ᠠᠩᠭᠢᠵᠢᠷᠠᠨ ᠪᠠᠶᠠᠵᠢᠨ ᠴᠢᠨᠡᠭᠡᠯᠢᠭᠵᠢᠬᠦ ᠰᠠᠨᠠᠭᠠᠴᠢᠯᠠᠭᠠᠲᠤ ᠴᠢᠨᠠᠷ ᠢ ᠳᠠᠶᠢᠴᠢᠯᠠᠪᠠ᠃ | ᠨᠡᠶᠢᠭᠡᠮ ᠲᠣᠭᠤᠷᠢᠭ ᠤᠨ 3 ᠶᠠᠳᠠᠭᠤ ᠬᠦᠴᠢᠷᠳᠡᠯᠲᠡᠶ ᠡᠷᠦᠬᠡ ᠳᠠᠬᠢᠶ᠎ᠠ᠂ ᠭᠠᠭ᠋ᠠᠶ ᠲᠡᠵᠢᠭᠡᠨ ᠦᠷᠡᠵᠢᠭᠦᠯᠵᠦ᠂ 3 | ᠶᠠᠳᠠᠭᠤ ᠬᠦᠴᠢᠷᠳᠡᠯᠲᠡᠶ ᠡᠷᠦᠬᠡ ᠰᠢᠬᠢᠷᠯᠢᠭ ᠡᠷᠳᠡᠨᠢ ᠰᠢᠰᠢ ᠲᠠᠷᠢᠪᠠ᠃ ︽ᠲᠠᠷᠢᠶᠠᠯᠠᠩ ᠠᠵᠤ ᠠᠬᠤᠢ ᠶᠢᠨ | ᠪᠦᠲᠦᠭᠡᠭᠳᠡᠬᠦᠨ ᠢ ᠪᠣᠷᠣᠯᠠᠭᠤᠯᠬᠤ ᠶᠠᠪᠤᠴᠠ ᠳᠤ᠂ ᠲᠣᠰᠬᠤᠨ ᠳᠤ ᠰᠠᠭᠤᠬᠤ᠂ ᠲᠣᠭᠤᠷᠢᠭ ᠲᠤ ᠰᠠᠭᠤᠬᠤ ᠠᠵᠢᠯ ᠤᠨ | ᠶᠡᠷᠦᠩᠬᠡᠶ ᠠᠩᠭᠢ ︿ᠬᠤᠳᠠᠯᠳᠤᠨ ᠠᠪᠬᠤ ᠪᠠᠷ ᠬᠠᠨᠳᠢᠪᠯᠠᠬᠤ ᠶᠢ ᠣᠷᠣᠯᠠᠭᠤᠯᠬᠤ﹀ ᠵᠠᠭᠪᠤᠷ ᠢ ᠢᠳᠡᠪᠬᠢᠲᠡᠢ ᠬᠡᠷᠡᠭᠯᠡᠵᠦ | ᠂ ᠠᠵᠤ ᠠᠬᠤᠶᠢᠯᠠᠯ ᠪᠣᠯᠤᠨ ᠬᠥᠮᠦᠰ ᠤᠨ ᠬᠦᠴᠦᠨ ᠢ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ | ᠬᠠᠪᠰᠤᠷᠤᠨ ᠵᠠᠷᠢᠮ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠪᠠ᠃ ᠪᠣᠷᠣᠯᠠᠭᠤᠯᠬᠤ | ᠶᠠᠪᠤᠴᠠ ᠳᠤ᠂ ᠪᠢᠳᠡ ᠵᠠᠭᠤᠴᠢ ᠪᠣᠯᠬᠤ ᠦᠢᠯᠡᠳᠦᠯ ᠦᠵᠡᠭᠦᠯᠪᠡ︾ ᠭᠡᠵᠡᠶ᠃ | ᠡᠨᠡ ᠵᠢᠯ ᠤᠨ 4 ᠰᠠᠷ᠎ᠠ ᠠᠴᠠ ᠣᠳᠣ ᠪᠣᠯᠲᠠᠯ᠎ᠠ᠂ ᠯᠢᠦ ᠬᠤ᠋ ᠢ ᠵᠠᠰᠠᠭ ᠤᠨ ᠣᠷᠳᠣᠨ ᠤ ᠮᠠᠯ ᠵᠢᠭᠦᠷᠲᠡᠨ ᠢ | ᠬᠤᠳᠠᠯᠳᠤᠨ ᠠᠪᠬᠤ ᠳᠤ ᠨᠥᠬᠦᠪᠥᠷᠢ ᠥᠭᠬᠦ ᠪᠠ ᠲᠣᠭᠤᠷᠢᠭ ᠲᠤ ᠰᠠᠭᠤᠬᠤ᠂ ᠲᠣᠰᠬᠤᠨ ᠳᠤ ᠰᠠᠭᠤᠬᠤ ︽ | ᠬᠤᠳᠠᠯᠳᠤᠨ ᠠᠪᠬᠤ ᠪᠠᠷ ᠲᠤᠰᠠᠯᠠᠬᠤ ᠶᠢ ᠣᠷᠣᠯᠠᠭᠤᠯᠬᠤ︾ ᠬᠠᠪᠰᠤᠷᠤᠯᠭ᠎ᠠ ᠳᠡᠮᠵᠢᠯᠭᠡ ᠳᠣᠤᠷ᠎ᠠ᠂ ᠰᠠᠷ᠎ᠠ ᠶᠢᠨ | ᠳᠤᠮᠳᠠᠴᠢ ᠣᠷᠣᠯᠭ᠎ᠠ 2000 ᠭᠠᠷᠤᠶ ᠲᠥᠭᠦᠷᠢᠭ ᠲᠤ ᠬᠦᠷᠴᠦ᠂ ᠯᠢᠦ ᠬᠤ᠋ ᠢ ᠶᠢᠨ ᠶᠠᠳᠠᠭᠤ ᠠᠴᠠ | ᠠᠩᠭᠢᠵᠢᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠡᠰᠡᠭ ᠲᠠᠬᠢᠶ᠎ᠠ ᠪᠠᠨ ᠬᠤᠳᠠᠯᠳᠤᠨ | ᠭᠠᠷᠭᠠᠭᠰᠠᠨ ᠤ ᠲᠠᠷᠠᠭ᠎ᠠ᠂ ᠲᠡᠷᠡ ᠪᠠᠰᠠ ᠳᠠᠬᠢᠶ᠎ᠠ ᠶᠢᠨ ᠵᠤᠯᠵᠠᠭ᠎ᠠ ᠲᠡᠵᠢᠭᠡᠵᠦ ᠪᠠᠶᠢᠪᠠ᠃ | ︽ᠳᠠᠬᠢᠶ᠎ᠠ ᠲᠡᠵᠢᠭᠡᠬᠦ ᠠᠴᠠ ᠡᠮᠦᠨ᠎ᠡ ᠪᠢ ᠬᠢᠳᠡᠯ ᠦᠭᠡᠢ᠂ ᠵᠥᠪᠬᠡᠨ ᠰᠠᠷ᠎ᠠ ᠪᠦᠷᠢ ᠶᠢᠨ ᠬᠡᠳᠦᠨ ᠵᠠᠭᠤᠨ | ᠲᠥᠭᠦᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠳᠤ ᠲᠦᠰᠢᠭᠯᠡᠨ ᠠᠮᠢᠳᠤᠷᠠᠯ ᠢᠶᠠᠨ ᠠᠷᠭᠠᠴᠠᠭᠠᠳᠠᠭ᠃ | ᠳᠠᠬᠢᠶ᠎ᠠ ᠲᠡᠵᠢᠭᠡᠭᠰᠡᠨ ᠤ ᠳᠠᠷᠠᠭ᠎ᠠ᠂ ᠮᠢᠨᠦ ᠣᠷᠣᠯᠭ᠎ᠠ ᠨᠡᠮᠡᠭᠳᠡᠭᠰᠡᠨ ᠮᠥᠷᠲᠡᠭᠡᠨ ᠪᠠᠰᠠ ᠲᠤᠩ ᠲᠣᠭᠲᠠᠭᠤᠨ︾ ᠯᠢᠦ | ᠬᠤ᠋ ᠢ ᠬᠡᠯᠡᠬᠦ ᠳᠡᠭᠡᠨ ︽ᠲᠤᠭᠤᠷᠢᠭ ᠲᠤ ᠰᠠᠭᠤᠭ᠎ᠠ ᠠᠵᠢᠯ ᠤᠨ ᠶᠡᠷᠦᠩᠬᠡᠶ ᠠᠩᠭᠢ ᠪᠠ ᠲᠣᠰᠬᠤᠨ ᠳᠤ ᠰᠠᠭᠤᠭ᠎ᠠ | ᠠᠵᠢᠯᠯᠠᠬᠤ ᠠᠩᠬᠢ ᠠᠴᠠ ᠪᠢᠳᠡᠨ ᠳᠤ ᠬᠠᠪᠰᠤᠷᠤᠨ ᠪᠣᠷᠣᠯᠠᠭᠤᠯᠬᠤ ᠠᠷᠭ᠎ᠠ ᠵᠠᠮ ᠡᠷᠢᠵᠦ ᠥᠭᠭᠦᠭᠰᠡᠨ ᠠᠴᠠ ᠪᠢᠳᠡ | ᠨᠠᠩ ᠣᠯᠠᠨ ᠣᠷᠣᠯᠭ᠎ᠠ ᠲᠠᠢ ᠪᠣᠯᠵᠠᠶ᠃ ᠪᠢ ᠪᠠᠰᠠ ᠬᠡᠪᠴᠢᠶ᠎ᠡ ᠪᠠᠨ ᠥᠷᠭᠡᠳᠬᠡᠵᠦ᠂ ᠰᠢᠨ᠎ᠡ ᠲᠥᠷᠥᠯ ᠵᠤᠶᠢᠯ ᠢ | ᠢᠯᠡᠭᠦᠬᠡᠨ ᠣᠷᠣᠭᠤᠯᠵᠤ᠂ ᠲᠣᠰᠬᠤᠨ ᠤ ᠠᠷᠠᠳ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠨ ᠪᠠᠶᠠᠵᠢᠬᠤ ᠶᠢ | ᠪᠣᠳᠣᠵᠤ ᠪᠠᠶᠢᠨ᠎ᠠ︾ ᠭᠡᠪᠡ᠃ |