7 ᠰᠠᠷ᠎ᠠ ᠶᠢᠨ 25 ᠤ ᠡᠳᠦᠷ᠂ ᠤᠳᠠ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠪᠣᠯᠤᠨ ᠤᠳᠠ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠬᠠᠷᠢᠶ᠎ᠠ ᠲᠣᠭᠤᠷᠢᠭ ᠤᠨ ᠠᠷᠠᠳ ᠤᠨ ᠬᠥᠭᠵᠢᠮ ᠤᠨ ᠬᠤᠳᠠᠯᠳᠤᠭᠠᠨ ᠤ ᠲᠠᠯᠠᠪᠤᠷ᠂ ᠢ ᠽᠤ᠋ ᠶᠤᠸᠠᠨ | ᠶᠡᠭᠡ ᠪᠠᠭᠤᠳᠠᠯ ᠵᠡᠷᠭᠡ 4 ᠭᠤᠣᠯᠳᠠᠯᠭ᠎ᠠ ᠲᠠᠢ ᠬᠤᠳᠠᠯᠳᠤᠭᠠᠨ ᠤ ᠲᠠᠯᠠᠪᠤᠷ ᠪᠣᠯᠤᠨ ᠵᠣᠴᠢᠳ ᠤᠨ ᠪᠠᠭᠤᠳᠠᠯ ᠳᠤ ᠭᠠᠯ | ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠪᠠ᠃ | ᠪᠠᠶᠢᠴᠠᠭᠠᠯᠲᠠ ᠶᠢᠨ ᠳᠤᠭᠤᠶᠢᠯᠠᠩ ᠠᠴᠠ ᠡᠯ᠎ᠡ ᠠᠵᠤ ᠠᠬᠤᠶᠢᠯᠠᠯ ᠨᠢᠭᠡᠴᠢ ᠶᠢᠨ ᠭᠠᠯ ᠤᠨᠲᠠᠷᠠᠭᠠᠬᠤ | ᠪᠡᠯᠡᠳᠬᠡᠮᠵᠢ ᠶᠢᠨ ᠬᠡᠪ ᠶᠣᠰᠣᠭᠠᠷ ᠠᠵᠢᠯᠯᠠᠵᠤ ᠪᠠᠶᠢᠬᠤ ᠡᠰᠡᠬᠦ᠂ ᠭᠠᠯ ᠤᠨᠲᠠᠷᠠᠭᠠᠬᠤ ᠨᠡᠪᠲᠡᠷᠡᠯ ᠤᠨ ᠵᠠᠮ ᠨᠢ ᠰᠠᠭᠠᠳ | ᠥᠬᠡᠶ ᠨᠡᠪᠲᠡᠷᠡᠵᠦ ᠪᠠᠶᠢᠬᠤ ᠡᠰᠡᠬᠦ᠂ ᠠᠵᠤ ᠠᠬᠤᠶᠢᠯᠠᠯ ᠨᠢ ᠭᠠᠯ ᠤᠨᠲᠠᠷᠠᠭᠠᠬᠤ ᠲᠥᠬᠦᠭᠡᠷᠦᠮᠵᠢ ᠳᠤ ᠪᠠᠲᠤᠯᠠᠭ᠎ᠠ | ᠬᠠᠮᠠᠭᠠᠯᠠᠭᠰᠠᠨ ᠲᠡᠮᠳᠡᠭᠯᠡᠯ ᠪᠠᠶᠢᠬᠤ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠨᠢ ᠬᠦᠴᠦᠨ ᠲᠠᠢ | ᠬᠤᠭᠤᠴᠠᠭᠠᠨ ᠳᠤ ᠪᠠᠶᠢᠬᠤ ᠡᠰᠡᠬᠦ᠂ ᠠᠮᠤᠷ ᠲᠦᠪᠰᠢᠨ ᠤ ᠲᠤᠰᠬᠠᠶ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠶᠢᠨ | ᠠᠵᠢᠯᠲᠠᠨ ᠲᠣᠬᠢᠷᠠᠭᠤᠯᠤᠭᠰᠠᠨ ᠡᠰᠡᠬᠦ ᠵᠡᠷᠭᠡ ᠶᠢ ᠬᠢᠨᠠᠮᠠᠭᠠᠶ ᠪᠠᠶᠢᠴᠠᠭᠠᠨ ᠦᠵᠡᠪᠡ᠃ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠠᠰᠠᠭᠤᠯᠲᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠥᠮᠦᠨ ᠣᠯᠠᠨ ᠴᠤᠭᠯᠠᠷᠠᠳᠠᠭ ᠡᠵᠡᠩᠨᠡᠬᠦ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠪᠠᠶᠢᠳᠠᠯ ᠪᠣᠯᠤᠨ ᠠᠶᠤᠯ ᠦᠭᠡᠢ ᠡᠵᠡᠩᠨᠡᠯᠲᠡ ᠶᠢᠨ ᠨᠥᠬᠦᠴᠡᠯ ᠤᠨ ᠪᠠᠶᠢᠳᠠᠯ ᠢ ᠨᠠᠷᠢᠨ | ᠤᠶᠢᠯᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠭᠤᠤᠯᠳᠠᠯᠭ᠎ᠠ ᠲᠠᠢ | ᠬᠡᠮ ᠰᠣᠭᠤᠭ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ | ᠂ ᠠᠵᠤ ᠠᠬᠤᠶᠢᠯᠠᠯ ᠤᠳ ᠢ ᠡᠷᠬᠡᠪᠰᠢ ᠠᠶᠤᠯᠭᠦᠶ ᠤᠶᠢᠯᠡᠳᠪᠤᠷᠢᠯᠡᠯ ᠤᠨ ᠠᠵᠢᠯ ᠢ ᠳᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠪᠠᠶᠢᠴᠠᠭᠠᠨ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠤᠨ ᠤᠷᠲᠤ ᠬᠤᠭᠤᠴᠠᠭᠠᠨ ᠤ ᠠᠮᠤᠷ | ᠲᠦᠪᠰᠢᠨ ᠲᠣᠭᠲᠠᠭᠤᠨ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠱᠠᠭᠠᠷᠳᠠᠪᠠ᠃ |