7 ᠳ᠋ᠤᠭᠠᠷ ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠤᠳᠠ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠠᠶᠤᠯᠲᠠᠶ ᠬᠢᠮᠢ ᠶᠢᠨ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠂ 2019 ᠤᠨ 7 ᠳ᠋ᠤᠭᠠᠷ ᠰᠠᠷ᠎ᠠ ᠶᠢᠨ ︽ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠬᠡᠮ ᠢ | ᠠᠷᠢᠯᠭᠠᠬᠤ᠂ ᠠᠳᠡᠯ ᠢ ᠬᠤᠷᠢᠭᠯᠠᠬᠤ︾ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠣᠯᠪᠠᠰᠤᠷᠠᠯ ᠤᠨ | ᠬᠤᠷᠠᠯ ᠬᠤᠷᠠᠯᠳᠤᠭᠤᠯᠵᠤ᠂ ᠭᠠᠷ ᠤᠷᠠᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ | ᠲᠤᠰᠬᠠᠶ ᠰᠡᠳᠦᠪ ᠢᠶᠠᠷ ᠰᠤᠷᠤᠯᠴᠠᠵᠤ᠂ ᠪᠥᠬᠦ ᠣᠷᠣᠨ ᠤ 23 ᠠᠵᠤ ᠠᠬᠤᠶᠢᠯᠠᠯ᠂ ᠤᠷᠠᠯᠠᠯ᠂ ᠲᠥᠬᠦᠭᠡᠷᠦᠮᠵᠢ ᠶᠢᠨ | ᠮᠡᠷᠭᠡᠵᠢᠯ ᠤᠨ ᠠᠵᠢᠯᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠ ᠡᠭᠡᠯᠵᠢ ᠳᠤᠭᠤᠶᠢᠯᠠᠩ ᠤᠨ | ᠳᠠᠷᠤᠭ᠎ᠠ ᠠᠴᠠ ᠳᠡᠭᠡᠭᠰᠢᠬᠢ ᠬᠠᠮᠢᠶᠠᠷᠤᠯᠲᠠ ᠶᠢᠨ ᠠᠵᠢᠯᠲᠠᠨ 680 ᠬᠥᠮᠦᠨ ᠲᠣᠰ ᠤᠳᠠᠭ᠎ᠠ ᠶᠢᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ | ᠰᠤᠷᠤᠯᠴᠠᠬᠤ ᠬᠤᠷᠠᠯ ᠨᠢ ᠳᠤᠮᠳᠠᠳᠤ ᠤᠯᠤᠰ ᠤᠨ ᠬᠢᠮᠢ ᠶᠢᠨ ᠪᠣᠳᠠᠰ ᠤᠨ ᠠᠮᠤᠷ ᠲᠦᠪᠰᠢᠨ ᠤ | ᠨᠡᠶᠢᠭᠡᠮᠯᠢᠭ ᠤᠨ ᠤᠨᠴᠠ ᠤᠷᠢᠭᠰᠠᠨ ᠲᠤᠰᠬᠠᠶ ᠮᠡᠷᠭᠡᠵᠢᠯᠲᠡᠨ ᠤ ᠭᠡᠰᠢᠭᠦᠨ ᠵᠠᠩ ᠽᠦᠸᠧ ᠪᠧᠨ᠂ ᠯᠢ ᠶᠢᠨ ᠲᠢᠶᠠᠨ᠂ | ᠸᠠᠩ ᠯᠢᠨ ᠲᠤᠤ ᠭᠤᠷᠪᠠᠨ ᠪᠠᠭᠰᠢ ᠶᠢ ᠤᠷᠢᠵᠤ ᠰᠤᠷᠤᠭᠴᠢᠳ ᠲᠤ ᠲᠤᠰᠬᠠᠶ ᠰᠡᠳᠦᠪᠲᠦ ᠶᠠᠷᠢᠶ᠎ᠠ ᠬᠢᠯᠭᠡᠪᠡ᠃ ᠪᠠᠭᠰᠢ | ᠠᠴᠠ ᠠᠶᠤᠯᠲᠠᠶ ᠬᠢᠮᠢ ᠶᠢᠨ ᠠᠵᠤ ᠦᠢᠯᠡᠳᠪᠦᠷᠢ ᠶᠢᠨ ᠤᠷ᠎ᠠ ᠮᠡᠷᠭᠡᠰᠢᠯ ᠤᠨ ᠠᠮᠤᠷ ᠲᠦᠪᠰᠢᠨ ᠤ ᠬᠠᠮᠢᠶᠠᠷᠤᠯᠲᠠ᠂ | ᠤᠷ᠎ᠠ ᠮᠡᠷᠭᠡᠰᠢᠯ ᠢ ᠬᠤᠪᠢᠷᠠᠭᠤᠯᠬᠤ᠂ ᠤᠷ᠎ᠠ ᠮᠡᠷᠭᠡᠰᠢᠯ ᠢ ᠲᠦᠭᠰᠢᠭᠦᠷᠢ ᠮᠡᠳᠡᠭᠡᠯᠡᠬᠦ ᠬᠠᠮᠢᠶᠠᠷᠤᠯᠲᠠ᠂ | ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠤᠨᠴᠠᠭᠠᠢ ᠠᠵᠢᠯ ᠤᠨ ᠬᠠᠮᠢᠶᠠᠷᠤᠯᠲᠠ ᠵᠡᠷᠭᠡ ᠶᠢ | ᠭᠤᠤᠯᠳᠠᠯᠭ᠎ᠠ ᠲᠠᠢ ᠬᠢᠨᠠᠨ ᠬᠠᠮᠢᠶᠠᠷᠬᠤ ᠲᠠᠯ᠎ᠠ ᠪᠠᠷ ᠨᠠᠷᠢᠨ ᠲᠠᠶᠢᠯᠤᠮᠵᠢ ᠬᠢᠪᠡ᠃ | ᠪᠣᠯᠪᠠᠰᠤᠷᠠᠯ ᠨᠢ ᠪᠦᠬᠦ ᠣᠷᠣᠨ ᠤ ᠠᠵᠤ ᠠᠬᠤᠶᠢᠯᠠᠯ ᠤᠨ ᠠᠵᠢᠯᠴᠢᠨ ᠤ ᠠᠮᠤᠷ ᠲᠦᠪᠰᠢᠨ ᠤ ᠤᠬᠠᠮᠰᠠᠷ | ᠪᠣᠯᠤᠨ ᠪᠠᠲᠤᠯᠠᠭ᠎ᠠ ᠶᠢ ᠤᠯᠠᠮ ᠴᠢᠨᠠᠭᠰᠢᠳᠠ ᠴᠢᠩᠭᠠᠷᠠᠭᠤᠯᠵᠤ᠂ ᠠᠶᠤᠯᠭᠦᠶ ᠦᠢᠯᠡᠳᠪᠦᠷᠢ ᠳᠤ ᠪᠠᠲᠤ ᠴᠢᠩᠭ᠎ᠠ | ᠬᠦᠴᠦᠲᠡᠶ ᠲᠤᠯᠭᠠᠭᠤᠷᠢ ᠪᠠ ᠪᠠᠲᠤᠯᠠᠭ᠎ᠠ ᠬᠠᠩᠭᠠᠵᠠᠶ᠃ | |