ᠶᠢᠩ ᠯᠠᠶ ᠰᠢᠨ᠎ᠠ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2019-08-06
       ᠥᠪᠥᠷ ᠮᠣᠩᠭᠤᠯ ᠤᠨ ᠶᠢᠩ ᠯᠠᠶ ᠰᠢᠨ᠎ᠠ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ 7 ᠳ᠋ᠤᠭᠠᠷ ᠰᠠᠷ᠎ᠠ ᠶᠢᠨ 28 ᠤ ᠡᠳᠦᠷ ᠡᠬᠢᠯᠡᠪᠡ᠃        ᠲᠣᠰ ᠺᠣᠮᠫᠠᠨᠢ 2019 ᠤᠨ 1 ᠰᠠᠷ᠎ᠠ ᠳᠤ ᠪᠠᠶᠢᠭᠤᠯᠤᠭᠳᠠᠵᠤ᠂ ᠵᠢᠶᠠᠩᠰᠢ ᠶᠢᠨ ᠰᠢᠨ ᠬᠠᠢ ᠴᠸᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯᠤᠨ ᠵᠧᠵᠢᠶᠠᠩ ᠤᠨ ᠶᠢᠩ ᠯᠠᠶ ᠬᠢᠮᠢ ᠶᠢᠨ ᠠᠵᠤ ᠤᠶᠢᠯᠡᠳᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠪᠠᠷ ᠪᠡᠯᠡ ᠣᠷᠣᠭᠤᠯᠵᠤ᠂ ᠳᠡᠭᠡᠳᠦ ᠲᠡᠰ ᠤᠨ ᠰᠢᠨ᠎ᠡ ᠮᠠᠲ᠋ᠧᠷᠢᠶᠠᠯ᠂ ᠡᠮ ᠡᠮᠨᠡᠯᠭᠡ ᠶᠢᠨ ᠳᠤᠮᠳᠠ ᠶᠢᠨ ᠴᠣᠭᠴᠠ ᠵᠢᠴᠢ ᠨᠠᠷᠢᠯᠢᠭ ᠪᠦᠲᠦᠭᠡᠭᠳᠡᠬᠦᠨ ᠢ ᠦᠢᠯᠡᠳᠪᠦᠷᠢᠯᠡᠵᠦ᠂ ᠰᠤᠳᠤᠯᠤᠨ ᠨᠡᠭᠡᠭᠡᠬᠦ ᠵᠢᠴᠢ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠣᠯᠤᠨ᠎ᠠ᠃        ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠨᠢ ᠬᠤᠶᠠᠷ ᠬᠤᠭᠤᠴᠠᠭ᠎ᠠ ᠬᠤᠪᠢᠶᠠᠨ ᠪᠠᠶᠢᠭᠤᠯᠵᠤ᠂ ᠨᠡᠶᠢᠲᠡ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠪᠡ᠃ ᠨᠢᠭᠡᠳᠦᠭᠡᠷ ᠬᠤᠭᠤᠴᠠᠭᠠᠨ ᠤ ᠲᠥᠷᠥᠯ ᠵᠤᠶᠢᠯ ᠳᠤ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠤᠤᠯ ᠦᠢᠯᠡᠳᠬᠦᠨ ᠨᠢ ᠳᠥᠷᠪᠡᠨ ᠾᠯᠤᠷᠤ᠋ ᠵᠡᠷᠭᠡᠯᠡᠳᠡᠭᠡ ᠪᠧᠨᠽᠧᠨ ᠤ ᠬᠤᠶᠠᠷᠴᠢ ᠮᠧᠲ᠋ᠢᠯ ᠬᠦᠴᠢᠯ ᠤᠨ ᠬᠠᠭᠰᠠᠮᠠᠯ᠂ ᠢᠽᠤᠪᠥ᠋ᠲ᠋ᠢᠯ ᠬᠦᠴᠢᠯ ᠤᠨ ᠰᠢᠷᠢᠰ᠂ 2 , 3 - ᠫᠢᠷᠢᠳᠢᠨ ᠬᠤᠶᠠᠷᠴᠢ ᠮᠧᠲ᠋ᠢᠯ ᠬᠦᠴᠢᠯ᠂ ᠵᠡᠷᠭᠡᠯᠡᠳᠡᠭᠡ ᠾᠯᠤᠷᠤ᠋ ᠪᠤᠨ᠋ᠽᠤ᠋ ᠮᠤᠲ᠋ᠠ ᠬᠦᠴᠢᠯ︔ ᠬᠤᠶᠠᠳᠤᠭᠠᠷ ᠬᠤᠭᠤᠴᠠᠭᠠᠨ ᠤ ᠵᠤᠶᠢᠯ ᠳᠤ 0.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠤᠤᠯ ᠪᠣᠯᠬᠤ ᠦᠢᠯᠡᠳᠬᠦᠨ ᠨᠢ B D K᠂ 565᠂ U V - 1 ᠡᠲ᠋ᠠ᠂ U V - ᠡᠲ᠋ᠠ ᠾᠯᠣᠷ᠂ ᠲᠢᠤᠹᠤᠨ᠂ ᠲᠢᠤᠹᠤᠨ ᠡᠲ᠋ᠠᠨᠥ᠋ᠢᠯ ᠾᠯᠣᠷ ᠪᠣᠯᠤᠨ᠎ᠠ᠃        ᠲᠥᠷᠥᠯ ᠵᠤᠶᠢᠯ ᠤᠨ  ᠪᠦᠲᠦᠭᠡᠨ ᠪᠠᠶᠢᠭᠤᠯᠤᠯᠲᠠ ᠨᠢ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠱᠢᠯᠲᠡ ᠪᠠᠷ 9 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 1.7 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 200 ᠭᠠᠷᠤᠶ ᠬᠥᠮᠦᠨ ᠳᠤ ᠠᠵᠢᠯ ᠤᠯᠭᠤᠬᠤ ᠪᠤᠯᠤᠨ᠎ᠠ᠃    
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号