ᠠᠰᠠᠭᠤᠳᠠᠯ ᠢ ᠡᠷᠢᠨ ᠴᠡᠭᠴᠡᠯᠡᠨ ᠰᠠᠶᠢᠵᠢᠷᠠᠭᠤᠯᠵᠤ  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠡᠶᠢᠭᠡᠮ ᠲᠣᠭᠤᠷᠢᠭ ᠲᠤ ᠨᠠᠶᠢᠳᠠᠪᠤᠷᠢᠵᠢᠭᠤᠯᠪᠠ — ᠰᠢᠨᠳᠠ ᠵᠡᠭᠡᠯᠢ ᠭᠤᠳᠤᠮᠵᠢ ᠳᠣᠯᠣᠳᠤᠭᠠᠷ ᠬᠤᠭᠤᠴᠠᠭᠠᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠣᠯᠤᠨ ᠤᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠣᠭᠤᠷᠢᠨ ᠴᠠᠭᠳᠠᠬᠤ ᠵᠠᠷᠯᠠᠯ ᠢ ᠰᠤᠷᠤᠯᠴᠠᠬᠤ ᠲᠤᠰᠬᠠᠶ ᠰᠡᠳᠦᠪᠲᠦ ᠰᠤᠷᠤᠯᠴᠠᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2019-08-07
       8 ᠰᠠᠷ᠎ᠠ ᠶᠢᠨ 7 ᠤ ᠡᠳᠦᠷ᠂ ᠰᠢᠨᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠦᠬᠦ ᠨᠠᠮ ᠤᠨ ᠭᠡᠰᠢᠭᠦᠨ᠂ ᠺᠠᠳ᠋ᠷ ᠠᠵᠢᠯᠴᠢᠨ ᠤ ᠶᠡᠭᠡ ᠬᠤᠷᠠᠯ ᠢ ᠬᠤᠷᠠᠯᠳᠤᠭᠤᠯᠵᠤ᠂ ᠨᠠᠮ ᠤᠨ ᠠᠵᠢᠯᠯᠠᠬᠤ ᠬᠤᠷᠢᠶ᠎ᠠ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠠᠴᠠ ᠨᠠᠮ ᠤᠨ ᠪᠠᠶᠢᠭᠤᠯᠤᠯᠲᠠ ᠶᠢᠨ ᠲᠤᠬᠠᠶ ᠲᠤᠰᠬᠠᠶ ᠰᠡᠳᠦᠪᠲᠦ ᠰᠤᠷᠤᠯᠴᠠᠬᠤ ᠠᠵᠢᠯᠯᠠᠭ᠎ᠠ ᠥᠷᠨᠢᠭᠦᠯᠪᠡ᠃        ᠬᠤᠷᠠᠯ ᠳᠡᠭᠡᠷ᠎ᠡ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠳᠣᠯᠣᠳᠤᠭᠠᠷ ᠬᠤᠭᠤᠴᠠᠭᠠᠨ ᠤ ᠦᠬᠠᠶ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠪᠠ ᠤᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠲᠣᠭᠤᠷᠢᠨ ᠴᠠᠭᠳᠠᠬᠤ ᠵᠠᠷᠯᠠᠯ ᠢ ᠲᠤᠰᠬᠠᠶ ᠰᠡᠳᠦᠪ ᠢᠶᠠᠷ ᠳᠠᠮᠵᠢᠭᠤᠯᠤᠨ᠂ PPT ᠪᠠᠷ ᠲᠣᠭᠤᠷᠢᠨ ᠪᠠᠶᠢᠴᠠᠭᠠᠬᠤ ᠳᠤᠮᠳᠠ ᠦᠨᠳᠦᠰᠦᠨ ᠱᠠᠲᠤᠨ ᠳᠤ ᠢᠯᠡᠷᠡᠭᠰᠡᠨ ᠠᠰᠠᠭᠤᠳᠠᠯ ᠢ ᠲᠤᠰᠬᠠᠶ ᠰᠡᠳᠦᠪ ᠢᠶᠠᠷ ᠰᠤᠷᠤᠯᠴᠠᠪᠠ᠃ ᠬᠠᠷᠢᠭᠤ ᠲᠤᠰᠬᠠᠭᠰᠠᠨ ᠰᠠᠨᠠᠯ ᠳᠤ ᠢᠯᠡᠷᠡᠭᠰᠡᠨ ᠠᠰᠠᠭᠤᠳᠠᠯ ᠲᠠᠢ ᠬᠠᠷᠢᠴᠠᠭᠤᠯᠵᠤ᠂ ᠲᠣᠭᠤᠷᠢᠨ ᠪᠠᠶᠢᠴᠠᠭᠠᠬᠤ ᠳᠤᠮᠳᠠ ᠢᠯᠡᠷᠡᠭᠰᠡᠨ ᠠᠰᠠᠭᠤᠳᠠᠯ ᠪᠣᠯᠤᠨ ᠥᠪᠡᠷᠮᠢᠴᠡ ᠴᠢᠨᠠᠷ ᠲᠠᠢ ᠠᠰᠠᠭᠤᠳᠠᠯ ᠢ ᠨᠠᠷᠢᠨ ᠬᠢᠨᠠᠮᠠᠭᠠᠶ ᠬᠠᠷᠢᠴᠠᠭᠤᠯᠬᠤ ᠶᠢᠨ ᠬᠠᠮᠲᠤ ᠲᠣᠰ ᠪᠡᠶ᠎ᠡ ᠶᠢᠨ ᠣᠷᠣᠰᠢᠵᠤ ᠪᠠᠶ᠋ᠭ᠎ᠠ ᠠᠳᠠᠯᠢᠪᠲᠤᠷ ᠠᠰᠠᠭᠤᠳᠠᠯ ᠢ ᠭᠦᠨᠵᠡᠭᠡᠶ ᠠᠭᠤᠳᠠᠯᠤᠨ᠂ ᠣᠷᠣᠰᠢᠵᠤ ᠪᠠᠶᠢᠭ᠎ᠠ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠵᠦ ᠣᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠬᠤᠶᠠᠷ ᠬᠠᠷᠢᠭᠤᠴᠠᠯᠭ᠎ᠠ ᠪᠣᠯᠤᠨ ᠬᠠᠮᠢᠶ᠎ᠠ ᠪᠦᠬᠦᠢ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠩ ᠰᠠᠶᠢᠲᠤᠷ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠦᠨᠳᠦᠰᠦᠨ ᠱᠠᠲᠤᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠢᠯᠠᠩᠭᠤᠶ᠎ᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠬᠢᠬᠦ ᠳᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠲᠠᠷᠢᠭᠰᠠᠨ ᠪᠠᠶᠢᠨ᠎ᠠ᠃
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号