ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ  ᠢ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2019-08-07
       ᠡᠨᠡ ᠵᠢᠯ ᠠᠴᠠ ᠨᠠᠰᠢ᠂ ᠤᠳᠠ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠥᠷᠦ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠦᠨᠳᠦᠰᠦᠲᠡᠨ ᠤ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ ᠪᠠ ᠪᠠᠲᠤ ᠪᠠᠬᠢ ᠬᠠᠷᠢᠴᠠᠭ᠎ᠠ ᠶᠢ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠵᠤ᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠤᠳᠠ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠠᠮᠲᠤᠷᠠᠯ  ᠤᠨ ᠬᠦᠴᠦᠨ ᠢ ᠨᠢᠭᠲᠠᠷᠠᠭᠤᠯᠪᠠ᠃        ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ︾ ᠵᠡᠷᠭᠡ ᠮᠠᠲ᠋ᠧᠷᠢᠶᠠᠯ ᠢ ᠨᠠᠶᠢᠷᠠᠭᠤᠯᠤᠨ ᠬᠡᠪᠯᠡᠭᠦᠯᠵᠦ᠂ ᠺᠠᠳ᠋ᠷᠴᠤᠳ ᠢ ᠬᠠᠪᠰᠤᠷᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠪᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠢᠯᠠ ᠲᠣᠳᠣ ᠣᠷᠣᠨ ᠪᠠᠶᠢᠷᠢ ᠳᠤ ᠦᠨᠳᠦᠰᠦᠲᠡᠨ ᠤ ᠪᠦᠯᠬᠦᠮᠳᠡᠯ ᠤᠨ ᠦᠵᠡᠭᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠪᠠ ᠤᠬᠠᠭᠤᠯᠭ᠎ᠠ ᠶᠢᠨ ᠵᠢᠷᠤᠭ ᠲᠣᠬᠢᠷᠠᠭᠤᠯᠵᠤ᠂ ᠪᠦᠬᠦ ᠨᠡᠶᠢᠭᠡᠮ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠦᠮᠦᠨ ᠤ ᠰᠡᠳᠬᠢᠯ ᠳᠤ ᠬᠠᠳᠠᠩᠰᠢᠭᠤᠯᠪᠠ︔ ᠣᠯᠠᠨ ᠨᠡᠶᠢᠲᠡ ᠶᠢᠨ ᠪᠢᠴᠢᠯ ᠳᠣᠬᠢᠶ᠎ᠠ᠂ ᠸᠢᠴᠠᠲ ᠰᠦᠷᠦᠭᠵᠢᠯ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠤᠨᠤᠯ ᠵᠡᠷᠭᠡ ᠤᠬᠠᠭᠤᠯᠭ᠎ᠠ ᠶᠢ ᠥᠷᠨᠢᠭᠦᠯᠦᠨ᠎ᠡ︔ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾᠂ ︽ᠪᠢ ᠡᠬᠡ ᠤᠯᠤᠰ ᠲᠠᠢ ᠪᠠᠨ︾ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ︽ᠵᠢᠷᠭᠤᠭ᠎ᠠ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠯ᠎ᠡ ᠦᠨᠳᠦᠰᠦᠲᠡᠨ ᠤ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠬᠠᠮᠲᠤ ᠶᠢᠨ ᠲᠠᠨᠢᠯᠲᠠ︾ ᠪᠣᠯᠤᠨ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠬᠡ ᠤᠯᠤᠰ ᠤᠨ ᠨᠢᠭᠡᠳᠦᠯ ᠪᠣᠯᠤᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ ᠪᠤᠯᠭᠠᠵᠠᠢ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠤ ᠭᠡᠷ ᠪᠦᠯᠢ᠂ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠵᠡᠭᠡᠯᠢ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠤᠳᠠ ᠶᠢᠨ ᠰᠠᠶᠢᠨ ᠬᠥᠮᠦᠨ︾᠂ ︽ᠪᠣᠯᠪᠠᠰᠤᠨ ᠭᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠵᠤ᠂ ᠡᠯ᠎ᠡ ᠬᠦᠷᠢᠶ᠎ᠡ ᠡᠯ᠎ᠡ ᠳᠠᠪᠬᠤᠷᠭ᠎ᠠ ᠶᠢᠨ ᠵᠢᠱᠢᠶᠡᠴᠢ ᠬᠥᠮᠦᠰ᠂ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠵᠤ᠂ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠪᠡ᠃    
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号