【ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠴᠢᠷᠮᠠᠶᠢᠨ ᠪᠠᠶᠢᠭᠤᠯᠤᠶ᠎ᠠ】 ᠵᠢᠷᠭᠠᠯᠲᠤ ᠠᠮᠢᠳᠤᠷᠠᠯ ᠳᠤ ᠬᠤᠪᠢ ᠨᠡᠮᠡᠬᠦ  — ᠤᠳᠠ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠵᠢᠴᠢ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠠᠵᠢᠯ ᠨᠢ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2019-08-07
       ᠤᠶᠢᠷ᠎ᠠ ᠳᠤ᠂ ᠤᠳᠠ ᠲᠣᠭᠤᠷᠢᠭ ᠶᠠᠭ ᠤᠯᠠᠭᠠᠨ ᠨᠠᠭᠤᠷ ᠪᠠᠯᠭᠠᠰᠤᠨ ᠳᠤ ᠪᠣᠬᠢᠷ ᠤᠰᠤ ᠶᠢ ᠰᠢᠢᠳᠪᠦᠷᠢᠯᠡᠬᠦ ᠵᠢᠴᠢ ᠠᠶᠢᠯ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ ᠡᠨᠡ ᠬᠦ ᠢᠨᠵᠧᠨᠧᠷᠢᠩ ᠨᠢ ᠬᠤᠲᠠ ᠶᠢᠨ ᠦᠨᠳᠦᠰᠦᠨ ᠲᠥᠬᠦᠭᠡᠷᠦᠮᠵᠢ ᠶᠢ ᠲᠠᠷᠢᠶᠠᠯᠠᠬᠤ ᠣᠷᠣᠨ ᠲᠡᠰᠢ ᠤᠷᠲᠤᠳᠬᠠᠬᠤ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠲᠠᠷᠢᠶᠠᠯᠠᠬᠤ ᠣᠷᠣᠨ ᠲᠡᠰᠢ ᠥᠷᠭᠡᠳᠬᠡᠬᠦ ᠶᠢ ᠲᠤᠶᠢᠯ ᠤᠨ ᠶᠡᠭᠡ ᠪᠠᠷ ᠲᠦᠯᠬᠢᠨ ᠠᠬᠢᠭᠤᠯᠬᠤ ᠪᠣᠯᠤᠨ᠎ᠠ᠃        ᠢᠨᠵᠧᠨᠧᠷᠢᠩ ᠨᠢ 5 ᠰᠠᠷ᠎ᠠ ᠶᠢᠨ 12 ᠤᠨ ᠡᠳᠦᠷ ᠠᠴᠠ ᠡᠬᠢᠯᠡᠵᠦ᠂ ᠬᠡᠷᠡᠭᠵᠢᠭᠦᠯᠬᠦ ᠬᠡᠪᠴᠢᠶ᠎ᠡ ᠨᠢ ᠽᠧ ᠶᠤᠸᠠᠨ ᠨᠡᠶᠢᠭᠡᠮ ᠲᠣᠭᠤᠷᠢᠭ ᠵᠢᠴᠢ ᠹᠦ᠋ ᠮᠢᠨ ᠨᠡᠶᠢᠭᠡᠮ ᠲᠣᠭᠤᠷᠢᠭ ᠪᠠᠭᠲᠠᠵᠤ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 1585 ᠲᠦᠮᠡᠨ ᠲᠥᠭᠦᠷᠢᠭ ᠪᠠᠶᠢᠵᠤ᠂ 7 ᠰᠠᠷ᠎ᠠ ᠶᠢᠨ ᠰᠡᠭᠦᠯᠴᠢ ᠪᠣᠯᠲᠠᠯ᠎ᠠ ᠪᠠᠷᠤᠭ 400 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠬᠡᠰᠡᠭ ᠰᠠᠭᠤᠭᠠᠯᠢ ᠠᠷᠠᠳ ᠤᠨ ᠳᠤᠭᠤᠶᠢᠯᠠᠩ  ᠤᠨ ᠡᠷᠦᠬᠡ ᠶᠢᠨ ᠵᠣᠷᠯᠣᠩ ᠵᠢᠴᠢ ᠪᠣᠬᠢᠷ ᠤᠰᠤ ᠶᠢ ᠰᠢᠢᠳᠪᠦᠷᠢᠯᠡᠬᠦ ᠥᠭᠡᠷᠡᠴᠢᠯᠡᠯᠲᠡ ᠶᠢ ᠪᠡᠶᠡᠯᠡᠭᠦᠯᠵᠡᠶ᠃        ᠽᠧ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠤᠷᠪᠠᠳᠤᠭᠠᠷ ᠳᠤᠭᠤᠶᠢᠯᠠᠩ ᠤᠨ ᠰᠠᠭᠤᠭᠠᠯᠢ ᠠᠷᠠᠳ ᠶᠠᠭ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠤᠭᠰᠠᠷᠠᠵᠤ ᠪᠠᠶᠢᠨ᠎ᠠ᠃ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠣᠨᠣᠭᠯᠠᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠲᠤ᠂ ᠬᠤᠶᠠᠷ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠶᠠᠭ ᠲᠥᠪᠯᠡᠷᠡᠭᠦᠯᠦᠨ ᠰᠢᠢᠳᠪᠦᠷᠢᠯᠡᠬᠦ ᠲᠣᠨᠣᠭᠯᠠᠯ ᠤᠨ ᠰᠠᠭᠤᠷᠢ ᠨᠦᠬᠡᠨ ᠳᠤ ᠵᠤᠤᠬ᠎ᠠ ᠶᠢᠨ ᠦᠨᠡᠰᠦ ᠶᠢ ᠡᠭᠡᠭᠦᠯᠦᠨ ᠪᠥᠭᠯᠡᠵᠦ ᠪᠠᠶᠢᠨ᠎ᠠ᠃ ︽ᠵᠤᠤᠬᠠᠨ ᠤ ᠦᠨᠡᠰᠦ ᠰᠢᠭᠠᠷᠤ ᠶᠢ ᠪᠥᠭᠯᠡᠵᠦ ᠳᠠᠭᠤᠰᠪᠠᠯ᠂ ᠪᠠᠷᠢᠯᠭ᠎ᠠ ᠳᠠᠷᠤᠢ ᠬᠢᠵᠤ ᠳᠠᠭᠤᠰᠤᠨ᠎ᠠ︾᠃ ᠲᠥᠷᠥᠯ ᠵᠤᠶᠢᠯ ᠤᠨ ᠳᠠᠭᠠᠭᠠᠮᠠᠯ ᠯᠢ ᠬᠠᠢ ᠹᠧᠩ ᠪᠦᠬᠦᠶᠢᠯᠡ ᠢᠨᠵᠧᠨᠧᠷᠢᠩ ᠢ ᠲᠠᠨᠢᠯᠴᠠᠭᠤᠯᠵᠤ᠂ ᠣᠳᠣᠬᠠᠨ ᠳᠤ ᠡᠨᠡ ᠬᠦ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ 7 ᠰᠠᠷ᠎ᠠ ᠶᠢᠨ 10 ᠤ ᠡᠳᠦᠷ ᠠᠴᠠ ᠡᠬᠢᠯᠡᠨ ᠠᠵᠢᠯᠯᠠᠵᠤ᠂ 7 ᠰᠠᠷ᠎ᠠ ᠶᠢᠨ 20 ᠤ ᠡᠳᠦᠷ ᠪᠣᠯᠲᠠᠯ᠎ᠠ ᠰᠢᠪᠲᠤᠷᠭᠠᠨ ᠳᠠᠭᠠᠨ ᠣᠷᠣᠵᠠᠶ ᠭᠡᠪᠡ᠃ ᠲᠡᠭᠦᠨ ᠤ ᠳᠣᠲᠣᠷ᠎ᠠ ᠭᠤᠷᠪᠠᠨ ᠲᠡᠰ ᠤᠨ ᠰᠢᠢᠳᠪᠦᠷᠢᠯᠡᠬᠦ ᠴᠥᠭᠦᠷᠥᠮ ᠵᠢᠴᠢ ᠤᠰᠤ ᠨᠡᠪᠴᠢᠬᠦ ᠬᠤᠭᠤᠯᠠᠶ ᠪᠠᠭᠲᠠᠨ᠎ᠠ᠂ ᠪᠣᠬᠢᠷ ᠤᠰᠤ ᠨᠢ ᠬᠠᠲᠠᠭᠤ ᠰᠢᠩᠭᠡᠨ ᠢ ᠰᠠᠯᠭᠠᠬᠤ᠂ ᠬᠦᠴᠢᠯᠲᠥ᠋ᠷᠥᠭᠴᠢ ᠵᠢᠭᠰᠢᠬᠦ ᠢᠰᠬᠡᠬᠦ᠂ ᠠᠮᠢᠳᠤ ᠪᠣᠳᠠᠰ ᠤᠨ ᠪᠦᠷᠬᠦᠭᠦᠯ ᠢᠶᠠᠷ ᠱᠦᠭᠦᠬᠦ ᠪᠠᠷ ᠳᠠᠮᠵᠢᠨ᠂ ᠪᠥᠰ ᠤᠨ ᠰᠦᠪᠡ ᠲᠠᠢ ᠬᠤᠭᠤᠯᠠᠶ ᠪᠠᠷ ᠳᠠᠮᠵᠢᠨ ᠵᠤᠤᠬ᠎ᠠ ᠶᠢᠨ ᠦᠨᠡᠰᠦ ᠰᠢᠭᠠᠷᠤ ᠶᠢᠨ ᠳᠣᠲᠣᠷ᠎ᠠ ᠨᠡᠪᠴᠢᠨ ᠣᠷᠣᠵᠤ᠂ ᠠᠭᠤᠯᠵᠤ ᠪᠠᠶᠢᠭ᠎ᠠ ᠬᠠᠳᠬᠤᠭᠤᠷ ᠨᠢ ᠳᠠᠬᠢᠨ ᠰᠢᠩᠭᠡᠭᠡᠭᠳᠡᠵᠦ᠂ ᠠᠯᠢ ᠣᠯᠠᠨ ᠰᠢᠢᠳᠪᠦᠷᠢᠯᠡᠯᠲᠡ ᠶᠢᠨ ᠳᠠᠷᠠᠭᠠᠬᠢ ᠪᠣᠬᠢᠷ ᠤᠰᠤ ᠨᠢ ᠤᠯᠤᠰ ᠠᠴᠠ ᠨᠢᠭᠡᠳᠦᠭᠡᠷ ᠲᠡᠰ ᠤᠨ B ᠪᠠᠷᠢᠮᠵᠢᠶ᠎ᠠ ᠳᠤ ᠬᠦᠷᠴᠦ᠂ ᠳᠠᠷᠠᠭ᠎ᠠ ᠨᠢ ᠳᠣᠲᠣᠭᠠᠳᠤ ᠭᠠᠳᠠᠭᠠᠳᠤ ᠶᠢᠨ ᠳᠠᠷᠤᠯᠲᠠ ᠶᠢᠨ ᠵᠥᠷᠢᠶ᠎ᠡ ᠪᠠᠷ ᠳᠠᠮᠵᠢᠨ ᠤᠰᠤ ᠶᠢ ᠳᠡᠭᠡᠭᠰᠢ ᠡᠷᠭᠦᠨ ᠰᠢᠷᠭᠢᠭᠡᠵᠦ᠂ ᠣᠷᠴᠢᠨ ᠲᠣᠭᠤᠷᠢᠨ ᠢ ᠬᠠᠮᠠᠭᠠᠯᠠᠬᠤ ᠪᠤᠬᠢᠷᠳᠠᠯ ᠦᠭᠡᠢ ᠣᠷᠴᠢᠯ ᠢ ᠪᠡᠶᠡᠯᠡᠭᠦᠯᠵᠦ ᠳᠡᠶᠢᠯᠤᠨ᠎ᠡ ᠭᠡᠵᠠᠢ᠃        ︽ᠡᠨᠡ ᠢᠵᠢ ᠰᠢᠢᠳᠪᠦᠷᠢᠯᠡᠬᠦ ᠲᠥᠬᠦᠭᠡᠷᠦᠮᠵᠢ ᠨᠢ ᠬᠥᠳᠡᠯᠭᠡᠭᠴᠢ ᠬᠦᠴᠦᠨ ᠥᠬᠡᠶ᠂ ᠭᠠᠳᠠᠭᠰᠢᠯᠠᠭᠤᠯᠤᠯᠲᠠ ᠥᠬᠡᠶ᠂ ᠬᠠᠮᠠᠭᠠᠯᠠᠯᠲᠠ ᠠᠴᠠ ᠬᠡᠯᠲᠦᠷᠢᠭᠦᠯᠬᠦ ᠮᠥᠷᠲᠡᠭᠡᠨ ᠣᠷᠴᠢᠨ ᠠᠬᠤᠶ ᠳᠤ ᠶᠠᠮᠠᠷ ᠴᠤ ᠨᠥᠯᠥᠭᠡ ᠥᠬᠡᠶ ᠤᠨᠴᠠᠯᠢᠭ ᠲᠠᠢ ᠪᠠᠶᠢᠳᠠᠭ᠂ ᠲᠥᠬᠦᠭᠡᠷᠦᠮᠵᠢ ᠶᠢᠨ ᠬᠡᠷᠡᠭᠯᠡᠯᠲᠡ ᠶᠢᠨ ᠬᠤᠭᠤᠴᠠᠭ᠎ᠠ ᠨᠢ 25 ᠵᠢᠯ ᠪᠣᠯᠤᠨ᠎ᠠ︾᠃ ᠯᠢ ᠬᠠᠢ ᠹᠧᠩ ᠤᠨ ᠲᠠᠨᠢᠯᠴᠠᠭᠤᠯᠤᠭᠰᠠᠨ ᠢᠶᠠᠷ᠂ ᠰᠢᠢᠳᠪᠦᠷᠢᠯᠡᠬᠦ ᠲᠣᠨᠣᠭᠯᠠᠯ ᠨᠢ 1 ᠲᠣᠨ ᠪᠣᠬᠢᠷ ᠤᠰᠤ ᠪᠠᠷ 30 ᠪᠣᠰᠤᠭ᠎ᠠ ᠳᠥᠷᠪᠡᠯᠵᠢᠨ ᠮᠧᠲᠷ ᠤᠨ ᠵᠤᠤᠬ᠎ᠠ ᠶᠢᠨ ᠦᠨᠡᠰᠦ᠂ 20 ᠠᠴᠠ 25 ᠲᠡᠭᠰᠢ ᠳᠥᠷᠪᠡᠯᠵᠢᠨ ᠮᠧᠲᠷ ᠤᠨ ᠣᠷᠣᠨ ᠤ ᠪᠠᠷᠢᠮᠵᠢᠶ᠎ᠠ ᠪᠠᠷ ᠡᠳᠡᠭᠡᠷ ᠪᠣᠬᠢᠷ ᠤᠰᠤ ᠶᠢ ᠪᠦᠷᠢᠮᠦᠰᠦᠨ ᠰᠠᠪᠠᠯᠠᠵᠤ ᠪᠣᠯᠬᠤ ᠪᠥᠭᠡᠳ ᠨᠡᠪᠴᠢᠬᠦ ᠥᠬᠡᠶ ᠪᠠᠶᠢᠬᠤ ᠶᠢ ᠪᠠᠲᠤᠯᠠᠵᠤ ᠴᠢᠳᠠᠨ᠎ᠠ᠃ ︽ᠠᠰᠠᠷ ᠲᠠᠭᠲᠤ ᠶᠢᠨ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠬᠡᠮᠵᠢᠶ᠎ᠡ ᠶᠢᠨ ᠪᠠᠷᠢᠮᠵᠢᠶ᠎ᠠ ᠶᠣᠰᠣᠭᠠᠷ᠂ ᠣᠳᠣᠬᠠᠨ ᠳᠤ ᠡᠨᠡ ᠬᠦ ᠲᠣᠨᠣᠭᠯᠠᠯ ᠨᠢ 37 ᠡᠷᠦᠬᠡ ᠰᠠᠭᠤᠭᠠᠯᠢ ᠠᠷᠠᠳ ᠤᠨ ᠡᠳᠦᠷ ᠪᠦᠷᠢ ᠶᠢᠨ ᠭᠠᠷᠭᠠᠭᠰᠠᠨ 13.32 ᠲᠣᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠦᠷᠢᠨ ᠪᠠᠶᠢᠨ᠎ᠠ︾ ᠭᠡᠵᠦ ᠯᠢ ᠬᠠᠢ ᠹᠧᠩ ᠬᠡᠯᠡᠵᠡᠶ᠃        ᠭᠤᠷᠪᠠᠳᠤᠭᠠᠷ ᠰᠠᠭᠤᠭᠠᠯᠢ ᠠᠷᠠᠳ ᠤᠨ ᠳᠤᠭᠤᠶᠢᠯᠠᠩ ᠤᠨ ᠵᠠᠮ ᠤᠨ ᠵᠡᠭᠦᠨᠳᠡᠬᠢ ᠰᠠᠭᠤᠭᠠᠯᠢ ᠠᠷᠠᠳ ᠤᠨ ᠣᠷᠣᠨ ᠰᠠᠭᠤᠴᠠ ᠲᠥᠪᠯᠡᠷᠡᠭᠰᠡᠨ ᠪᠣᠯᠬᠤᠷ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠤᠭᠰᠠᠷᠠᠭᠰᠠᠨ ᠪᠠᠶᠢᠨ᠎ᠠ᠃ ᠨᠢᠭᠡᠨᠲᠡ ᠪᠠᠶᠢᠭᠤᠯᠵᠤ ᠳᠠᠭᠤᠰᠬᠠᠭᠰᠠᠨ ᠰᠠᠭᠤᠭᠠᠯᠢ ᠠᠷᠠᠳ ᠤᠨ ᠳᠥᠷᠪᠡᠳᠦᠭᠡᠷ ᠳᠤᠭᠤᠶᠢᠯᠠᠩ ᠨᠢ ᠰᠠᠭᠤᠭᠠᠯᠢ ᠠᠷᠠᠳ ᠤᠨ ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠭ᠎ᠠ  ᠪᠣᠯᠬᠤᠷ ᠭᠤᠤᠯᠳᠠᠭᠤ ᠳᠠᠩ ᠡᠷᠦᠬᠡ ᠪᠠᠷ ᠰᠢᠢᠳᠪᠦᠷᠢᠯᠡᠬᠦ ᠠᠷᠭ᠎ᠠ ᠮᠠᠶ᠋ᠢᠭ ᠢ ᠠᠪᠴᠠᠶ᠃ ᠣᠳᠣᠬᠠᠨ ᠳᠤ 77 ᠡᠷᠦᠬᠡ ᠰᠠᠭᠤᠭᠠᠯᠢ ᠠᠷᠠᠳ ᠤᠨ ᠳᠣᠲᠣᠷ᠎ᠠ 60 ᠡᠷᠦᠬᠡ ᠨᠢ ᠳᠠᠩ ᠡᠷᠦᠬᠡ ᠶᠢᠨ ᠰᠢᠢᠳᠪᠦᠷᠢᠯᠡᠬᠦ ᠲᠥᠬᠦᠭᠡᠷᠦᠮᠵᠢ ᠤᠭᠰᠠᠷᠠᠵᠤ᠂ ᠲᠡᠷᠡ ᠨᠢ ᠪᠦᠷᠢᠮᠦᠰᠦᠨ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢᠨ ᠪᠠᠭᠠᠰᠬᠠᠭᠰᠠᠨ ᠬᠡᠪ ᠪᠠᠶᠢᠵᠤ᠂ 4 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠵᠠᠷᠢᠮ ᠰᠠᠭᠤᠭᠠᠯᠢ ᠠᠷᠠᠳ ᠰᠢᠢᠳᠪᠦᠷᠢᠯᠡᠬᠦ ᠲᠥᠬᠦᠭᠡᠷᠦᠮᠵᠢ ᠪᠠᠨ ᠬᠦᠷᠢᠶᠡᠨ ᠤ ᠭᠠᠳᠠᠨ᠎ᠠ ᠲᠠᠯᠪᠢᠵᠤ᠂ ᠵᠠᠷᠢᠮ ᠨᠢ ᠬᠦᠷᠢᠶᠡᠨ ᠳᠣᠲᠣᠷ᠎ᠠ ᠲᠠᠯᠪᠢᠵᠤ᠂ ᠪᠦᠷ ᠴᠠᠭᠠᠨ᠂ ᠪᠣᠭᠤᠨᠢ ᠬᠡᠷᠡᠰᠬᠡ ᠪᠠᠷ ᠬᠦᠷᠢᠶᠡᠯᠡᠵᠦ᠂ ᠭᠤᠶᠤ ᠰᠠᠶᠢᠬᠠᠨ ᠮᠥᠷᠲᠡᠭᠡᠨ ᠮᠠᠰᠢ ᠰᠠᠶᠢᠨ ᠰᠡᠷᠡᠮᠵᠢᠯᠡᠭᠦᠯᠬᠦ ᠪᠠ ᠬᠠᠮᠠᠭᠠᠯᠠᠬᠤ ᠤᠶᠢᠯᠡᠳᠤᠯ ᠭᠠᠷᠭᠠᠭᠰᠠᠨ ᠪᠠᠶᠢᠨ᠎ᠠ᠃        ᠳᠥᠷᠪᠡᠳᠦᠭᠡᠷ ᠰᠠᠭᠤᠭᠠᠯᠢ ᠠᠷᠠᠳ ᠤᠨ ᠳᠤᠭᠤᠶᠢᠯᠠᠩ ᠤᠨ ᠰᠠᠭᠤᠭᠠᠯᠢ ᠠᠷᠠᠳ ᠤᠨ ᠭᠡᠷ ᠲᠤ᠂ ᠡᠵᠡᠨ ᠨᠢ ᠮᠠᠰᠢ ᠪᠠᠶᠠᠷᠲᠠᠶ ᠪᠠᠷ᠄ ︽ᠡᠨᠡ ᠬᠦ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠲᠠᠢ ᠪᠣᠯᠪᠠᠯ ᠳᠤᠩ ᠳᠥᠭᠦᠮ ᠪᠣᠯᠤᠨ᠎ᠠ᠃ ᠬᠡᠷᠪᠡ ᠡᠨᠡ ᠲᠥᠬᠦᠭᠡᠷᠦᠮᠵᠢ ᠪᠠᠶᠢᠬᠤ ᠦᠭᠡᠢ ᠪᠣᠯ ᠪᠠᠰᠠ ᠤᠰᠤ ᠶᠢ ᠭᠠᠳᠠᠭᠰᠢ ᠴᠢᠳᠬᠤᠬᠤ ᠬᠡᠷᠡᠭᠲᠡᠶ᠂ ᠡᠶᠢᠮᠦ ᠶᠡᠭᠡ ᠨᠠᠰᠤᠲᠠᠶ ᠪᠣᠯᠴᠢᠪᠠᠯ ᠦᠨᠡᠬᠡᠷ ᠳᠥᠭᠦᠮ ᠦᠭᠡᠢ︾ ᠭᠡᠵᠠᠢ᠃ ᠲᠡᠷᠡ ᠪᠢᠳᠡᠨ ᠢ ᠤᠬᠢᠶᠠᠯᠭ᠎ᠠ ᠶᠢᠨ ᠥᠷᠥᠭᠡᠨ ᠳᠡᠭᠡᠨ ᠳᠠᠭᠠᠭᠤᠯᠤᠨ ᠣᠷᠣᠵᠤ ᠨᠢᠭᠤᠷ ᠤᠬᠢᠶᠠᠬᠤ ᠲᠠᠲᠠᠭᠠᠯ᠂ ᠬᠤᠪᠴᠠᠰᠤ ᠤᠬᠢᠶᠠᠬᠤ ᠮᠠᠰᠢᠨ᠂ ᠭᠤᠭᠤᠵᠢᠭᠤᠷ᠂ ᠭᠠᠳᠠᠭᠠᠯᠠᠬᠤ ᠰᠠᠭᠤᠯᠭ᠎ᠠ ᠶᠢᠨ ᠭᠤᠤᠷᠰᠤ ᠶᠢ ᠲᠠᠨᠢᠯᠴᠠᠭᠤᠯᠵᠤ᠄ ︽ᠦᠵᠡᠭᠡᠷᠡᠢ᠂ ᠨᠢᠭᠡ ᠭᠠᠳᠠᠭᠠᠯᠠᠬᠤ ᠰᠠᠭᠤᠯᠭ᠎ᠠ ᠲᠠᠭᠠᠷᠠᠭᠤᠯᠪᠠᠯ ᠪᠠᠶᠢᠰᠢᠩ᠂ ᠠᠰᠠᠷ ᠲᠤ ᠰᠠᠭᠤᠬᠤ᠂ ᠳᠡᠮᠡᠶ ᠶᠡᠭᠡ ᠢᠯᠭᠠᠭ᠎ᠠ ᠥᠬᠡᠶ︾ ᠭᠡᠵᠡᠢ᠃ ᠽᠧ ᠶᠤᠸᠠᠨ ᠨᠡᠶᠢᠭᠡᠮ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠵᠢᠴᠢ ᠡᠷᠦᠬᠡ ᠶᠢᠨ ᠵᠣᠷᠯᠣᠩ ᠢ ᠥᠭᠡᠷᠡᠴᠢᠯᠡᠬᠦ ᠢᠨᠵᠧᠨᠧᠷᠢᠩ ᠨᠢ ᠨᠢᠭᠡᠨᠲᠡ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠰ ᠵᠢᠯ ᠤᠨ ᠵᠢᠯ ᠤᠨ ᠡᠴᠦᠰ ᠲᠤ ᠳᠠᠭᠤᠰᠬᠠᠵᠤ᠂ 2020 ᠤᠨ ᠳᠤ ᠹᠦ᠋ ᠮᠢᠨ ᠨᠡᠶᠢᠭᠡᠮ ᠲᠣᠭᠤᠷᠢᠭ ᠲᠤ ᠡᠬᠢᠯᠡᠵᠦ᠂ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠦᠨᠳᠦᠰᠦᠨ ᠬᠡᠷᠡᠭᠴᠡᠭᠡ ᠶᠢ ᠬᠠᠩᠭᠠᠵᠤ᠂ ︽ᠵᠣᠷᠯᠣᠩ ᠤᠨ ᠬᠤᠪᠢᠰᠬᠠᠯ︾ ᠤᠨ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠥᠷᠨᠢᠬᠦ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠤᠯᠤᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号