| 9 ᠰᠠᠷ᠎ᠠ ᠶᠢᠨ 11 ᠤ ᠦᠳᠡ ᠶᠢᠨ ᠡᠮᠦᠨ᠎ᠡ᠂ ᠤᠳᠠ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠬᠡᠤᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠤᠨ | ᠬᠤᠷᠠᠯ ᠬᠤᠷᠠᠯᠳᠤᠭᠤᠯᠵᠤ᠂ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠠᠰᠤᠭ᠂ | ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠡᠶᠢᠲᠡᠯᠢᠭ ᠰᠤᠷᠭᠠᠨ ᠬᠥᠮᠦᠵᠢᠯ ᠤᠨ ᠰᠠᠯᠠᠭ᠎ᠠ᠂ 17 ᠰᠠᠭᠤᠷᠢ | ᠬᠡᠤᠬᠡᠳ ᠤᠨ ᠴᠡᠴᠡᠷᠯᠢᠭ ᠤᠨ ᠳᠡᠳ᠋ ᠳᠠᠷᠤᠭ᠎ᠠ ᠪᠣᠯᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠬᠠᠮᠢᠶᠠᠷᠤᠭᠴᠢ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠵᠧᠩ ᠳ᠋ᠦᠩ | ᠬᠤᠢ ᠠᠴᠠ ᠡᠩ ᠲᠡᠷᠢᠭᠦᠨ ᠳᠤ ︽ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠡᠤᠬᠡᠳ ᠤᠨ | ᠴᠡᠴᠡᠷᠯᠢᠭ ᠡᠷᠬᠢᠯᠡᠬᠦ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ | ︾ ︵2019︶ 8 ᠳ᠋ᠤᠭᠠᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠠᠷᠠᠭ᠎ᠠ ᠨᠢ᠂ ᠰᠦᠨ | ᠰᠢᠶᠠᠩ ᠪᠠᠭᠰᠢ ᠠᠴᠠ ᠬᠡᠤᠬᠡᠳ ᠤᠨ ᠴᠡᠴᠡᠷᠯᠢᠭ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠵᠣᠷᠢᠯᠭ᠎ᠠ᠂ ᠦᠨᠡᠯᠡᠨ | ᠵᠢᠱᠢᠬᠦ ᠬᠡᠯᠪᠡᠷᠢ᠂ ᠴᠠᠭ ᠤᠨ ᠦᠶᠡᠯᠡᠯ᠂ ᠦᠨᠡᠯᠡᠨ ᠵᠢᠱᠢᠬᠦ ᠬᠡᠪᠴᠢᠶ᠎ᠡ᠂ ᠪᠢᠴᠢᠭ ᠮᠠᠲ᠋ᠧᠷᠢᠶᠠᠯ ᠲᠠᠷᠬᠠᠭᠠᠬᠤ ᠭᠤᠤᠯ | ᠴᠣᠭᠴᠠ ᠶᠢ ᠲᠠᠶᠢᠯᠪᠤᠷᠢᠯᠠᠵᠤ᠂ ᠭᠦᠸᠧ ᠠᠶ ᠶᠢᠩ ᠪᠠᠭᠰᠢ ᠠᠴᠠ 2019 ᠤᠨ ᠬᠡᠤᠬᠡᠳ ᠤᠨ ᠴᠡᠴᠡᠷᠯᠢᠭ ᠡᠷᠬᠢᠯᠡᠬᠦ | ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠣᠷᠣᠯᠴᠠᠬᠤ ᠲᠠᠪᠤᠨ ᠠᠭᠤᠯᠭ᠎ᠠ ᠳᠤ ᠰᠢᠰᠲ᠋ᠧᠮ ᠲᠠᠢ᠂ | ᠨᠠᠷᠢᠨ ᠨᠢᠭᠲᠠ ᠪᠣᠯᠪᠠᠰᠤᠷᠠᠯ ᠬᠢᠵᠡᠶ᠃ | ᠬᠠᠮᠤᠭ ᠰᠡᠭᠦᠯ ᠳᠤ᠂ ᠵᠧᠩ ᠡᠷᠬᠢᠯᠡᠭᠴᠢ ᠬᠡᠤᠬᠡᠳ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ | ᠵᠢᠷᠤᠮᠵᠢᠭᠤᠯᠬᠤ ᠶᠢᠨ ᠴᠢᠬᠤᠯᠠ ᠴᠢᠨᠠᠷ ᠢ ᠴᠢᠬᠤᠯᠠᠴᠢᠯᠠᠪᠠ᠂ ᠲᠡᠷᠡ ᠤᠯᠠᠨ ᠢ ᠡᠷᠬᠡᠪᠰᠢ ︽ᠬᠡᠤᠬᠡᠳ ᠤᠨ ᠴᠡᠴᠡᠷᠯᠢᠭ | ᠡᠷᠬᠢᠯᠡᠬᠦ ᠠᠵᠢᠯᠯᠠᠭ᠎ᠠ ᠶᠢ ᠦᠨᠡᠯᠡᠬᠦ ᠰᠢᠰᠲ᠋ᠧᠮ ᠤᠨ ᠭᠦᠢᠴᠡᠳᠬᠡᠯ ᠲᠤᠭ᠎ᠠ ᠶᠢᠨ ᠰᠢᠰᠲ᠋ᠧᠮ︾ ᠶᠣᠰᠣᠭᠠᠷ᠂ ᠨᠠᠷᠢᠨ | ᠬᠢᠨᠠᠮᠠᠭᠠᠶ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠴᠠᠭ ᠲᠤᠬᠠᠶ ᠳᠤᠨᠢ ᠴᠡᠭᠴᠡᠯᠡᠨ | ᠰᠠᠶᠢᠵᠢᠷᠠᠭᠤᠯᠵᠤ᠂ ᠣᠯᠠᠨ ᠢᠶᠠᠷ ᠢᠶᠠᠨ ᠱᠠᠯᠠᠪᠳᠠᠭᠤᠯᠤᠨ ᠵᠢᠯᠣᠭᠤᠳᠬᠤ ᠲᠠᠰᠤᠭ ᠤᠨ ᠠᠵᠢᠯ ᠤᠨ ᠲᠣᠬᠢᠷᠠᠭᠤᠯᠤᠯᠲᠠ | ᠶᠣᠰᠣᠭᠠᠷ᠂ ᠡᠯ᠎ᠡ ᠱᠠᠲᠤ ᠦᠶ᠎ᠡ ᠶᠢᠨ ᠦᠨᠡᠯᠡᠯᠲᠡ ᠬᠢᠬᠦ ᠪᠡᠯᠡᠳᠬᠡᠯ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ | ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ |