ᠠᠪᠤᠷᠠᠨ ᠲᠤᠰᠠᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠶᠢ ᠲᠡᠳᠬᠦᠵᠦ ᠬᠦᠴᠢᠷᠳᠡᠭᠰᠡᠳ ᠢ ᠬᠠᠪᠰᠤᠷᠪᠠ
ᠨᠡᠶᠢᠲᠡᠯᠡᠭᠰᠡᠨ ᠴᠠᠭ᠄
2019-09-12
      ᠤᠶᠢᠷ᠎ᠠ ᠶᠢᠨ ᠵᠢᠯ ᠤᠨ ᠲᠤᠷᠰᠢ᠂ ᠤᠳᠠ ᠲᠣᠭᠤᠷᠢᠭ ᠨᠡᠶᠢᠭᠡᠮ ᠤᠨ ᠠᠪᠤᠷᠠᠨ ᠲᠤᠰᠠᠯᠠᠬᠤ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠰᠦᠪᠡᠭᠴᠢᠯᠡᠵᠦ᠂ ᠠᠪᠤᠷᠠᠨ ᠲᠤᠰᠠᠯᠠᠬᠤ ᠲᠣᠭᠲᠠᠴᠠ ᠶᠢ ᠲᠠᠰᠤᠷᠠᠯᠲᠠ ᠦᠭᠡᠢ ᠥᠷᠭᠡᠳᠬᠡᠵᠦ᠂ ᠭᠠᠳᠠᠭᠰᠢ ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ ᠶᠢ ᠲᠡᠳᠡᠨ ᠠᠪᠴᠢᠷᠠᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠠᠵᠢᠯᠯᠠᠭ᠎ᠠ ᠶᠢ ᠥᠷᠨᠢᠭᠦᠯᠵᠦ᠂ ᠤᠳᠠ ᠲᠣᠭᠤᠷᠢᠭ ᠤᠨ ᠬᠦᠴᠢᠷᠳᠡᠯᠲᠡᠶ ᠠᠷᠠᠳ ᠲᠤ ᠤᠨᠢᠨ ᠳᠡᠭᠡᠷ᠎ᠡ ᠨᠢ ᠬᠠᠪᠰᠤᠷᠤᠨ ᠲᠡᠳᠬᠦᠪᠡ᠃        ᠤᠶᠢᠷ᠎ᠠ ᠳᠤ᠂ ︽ᠾᠧ ᠶᠡᠭᠡ ᠡᠭᠡᠴᠢ︾ ᠶᠢᠨ ᠠᠵᠢᠯᠯᠠᠬᠤ ᠥᠷᠲᠡᠭᠡ ᠪᠠᠶᠢᠭᠤᠯᠤᠭᠳᠠᠭᠰᠠᠨ ᠨᠢᠭᠡ ᠵᠢᠯ ᠤᠨ ᠣᠢ ᠶᠢᠨ ᠲᠠᠰᠢᠷᠠᠮ ᠳᠤ᠂ ᠤᠳᠠ ᠲᠣᠭᠤᠷᠢᠭ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠪᠴᠢᠭᠦᠤ ᠴᠡᠭᠡᠵᠢ ᠶᠢᠨ ᠲᠤᠰᠬᠠᠶ ᠮᠡᠷᠭᠡᠵᠢᠯᠲᠡᠨ ᠤ ᠪᠦᠯᠬᠦᠮ ᠤᠨ 14 ᠬᠥᠮᠦᠨ ᠵᠢᠴᠢ ᠣᠯᠠᠨ ᠢᠶᠠᠷ ᠴᠤᠭᠯᠠᠭᠤᠯᠬᠤ ᠲᠠᠪᠴᠠᠩ ᠤᠨ ᠥᠪᠥᠷ ᠮᠣᠩᠭᠤᠯ ᠤᠨ ᠬᠠᠷᠢᠭᠤᠴᠠᠯᠭᠠᠲᠠᠨ ᠢ ᠲᠤᠰᠬᠠᠶᠢᠯᠠᠨ ᠤᠷᠢᠵᠤ᠂ ᠤᠳᠠ ᠲᠣᠭᠤᠷᠢᠭ ᠲᠤ ᠬᠦᠷᠴᠦ ᠰᠠᠶᠢᠨ ᠳᠤᠷ᠎ᠠ ᠶᠢᠨ ᠡᠮᠴᠢᠯᠡᠭᠡ᠂ ᠲᠠᠶᠢᠯᠤᠮᠵᠢ ᠰᠣᠯᠢᠯᠴᠠᠭ᠎ᠠ᠂ ᠵᠣᠭᠤᠰ ᠴᠤᠭᠯᠠᠭᠤᠯᠬᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠳᠡᠭᠡᠷᠡᠬᠢ ᠰᠢᠷᠢᠰ ᠠᠵᠢᠯᠯᠠᠭ᠎ᠠ ᠨᠢ ᠤᠳᠠ ᠲᠤᠭᠤᠷᠢᠭ ᠤᠨ ᠬᠦᠴᠢᠷᠳᠡᠯᠲᠡᠶ ᠡᠪᠡᠳᠴᠢᠲᠡᠨ ᠳᠤ ᠲᠤᠰᠬᠠᠶ ᠮᠡᠷᠭᠡᠵᠢᠯᠲᠡᠨ ᠤ ᠪᠦᠯᠬᠦᠮ ᠤᠨ ᠰᠢᠯᠢᠳᠡᠭ ᠨᠡᠶᠢᠲᠡ ᠶᠢᠨ ᠦᠢᠯᠡᠴᠢᠯᠡᠭᠡ ᠶᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠭᠠᠳᠠᠷ ᠣᠷᠣᠨ ᠤ ᠲᠤᠰᠬᠠᠶ ᠨᠡᠶᠢᠲᠡ ᠶᠢᠨ ᠠᠰᠠᠷᠠᠮᠵᠢ ᠶᠢᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠬᠦᠴᠢᠷᠳᠡᠯᠲᠡᠶ ᠠᠷᠠᠳ ᠤᠨ ᠪᠠᠶᠢᠳᠠᠯ ᠢ ︽ᠡᠷᠲᠡ︾ ︽ᠣᠨᠣᠪᠴᠢᠲᠠᠶ︾ ︽ᠲᠦᠷᠭᠡᠨ︾ ᠢᠶᠠᠷ ᠣᠯᠠᠨ ᠲᠦᠮᠡᠨ ᠳᠤ ᠳᠠᠮᠵᠢᠭᠤᠯᠵᠠᠶ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号