︽ᠬᠤᠶᠠᠷ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠤᠳᠠ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ︽ᠠᠷᠢᠭᠤᠨ ᠴᠢᠬᠡᠴᠢ ᠶᠢᠨ ᠪᠣᠭᠤᠮᠲᠠ︾ ᠶᠢ ᠴᠢᠩᠭ᠎ᠠ | ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠠᠷ ᠤᠨ ᠡᠳᠦᠷ ᠢᠶᠠᠨ ᠲᠥᠪ | ᠴᠢᠬᠡᠴᠢ ᠥᠩᠭᠡᠷᠡᠭᠦᠯᠬᠦ ᠶᠢ ᠪᠠᠲᠤᠯᠠᠪᠠ᠃ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠲᠣᠳᠣᠷᠬᠠᠶ ᠪᠣᠯᠭᠠᠵᠤ᠂ ᠰᠠᠬᠢᠯᠭ᠎ᠠ ᠪᠠᠲᠤ ᠶᠢᠨ ᠤᠯᠠᠭᠠᠨ | ᠱᠤᠭᠤᠮ ᠢ ᠳᠠᠬᠢᠨ ᠲᠣᠳᠣᠷᠬᠠᠶᠢᠯᠠᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ | ᠵᠥᠪᠯᠡᠯ ︽2019 ᠤᠨ ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠤ | ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ ︿ᠳᠥᠷᠪᠡᠨ ᠰᠤᠷᠲᠠᠯ﹀ ᠢ ᠵᠠᠯᠠᠷᠠᠭᠤᠯᠬᠤ ᠲᠤᠬᠠᠢ ᠮᠡᠳᠡᠭᠳᠡᠯ | ︾ ᠢ ᠳᠠᠷᠤᠮᠠᠯᠯᠠᠨ ᠲᠠᠷᠬᠠᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠣᠬᠤᠷ ᠮᠡᠳᠡᠭᠡ ᠶᠠᠪᠤᠭᠤᠯᠵᠤ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠮᠠᠭᠲᠠ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠣᠶᠢᠯᠠᠭᠠᠬᠤ᠂ ᠤᠯᠤᠰ ᠲᠥᠷᠥ ᠶᠢᠨ ᠬᠡᠪ ᠰᠤᠷᠲᠠᠯ ᠢ ᠳᠡᠭᠡᠭᠰᠢᠯᠡᠭᠦᠯᠬᠦ᠂ ︽ᠬᠤᠶᠠᠷ ᠪᠠᠶᠠᠷ︾ ᠤᠨ ᠬᠤᠭᠤᠴᠠᠭᠠᠨ ᠳᠤ | ︽ᠠᠷᠪᠠᠨ ᠭᠤᠷᠪᠠ ᠶᠢ ᠴᠢᠩᠭ᠎ᠠ ᠴᠠᠭᠠᠵᠠᠯᠠᠬᠤ︾ ᠵᠡᠷᠭᠡ ᠶᠢ ᠴᠢᠩᠭ᠎ᠠ ᠵᠢᠷᠤᠮᠯᠠᠨ ᠰᠠᠬᠢᠵᠤ᠂ ᠥᠪᠡᠷ ᠢ ᠪᠠᠨ | ᠬᠢᠵᠠᠭᠠᠷᠯᠠᠬᠤ ᠶᠢ ᠴᠢᠩᠭᠠᠳᠬᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠡᠷᠴᠢᠮ ᠶᠢ ᠴᠢᠩᠭᠠᠯᠠᠬᠤ ᠬᠡᠷᠡᠭᠲᠡᠶ ᠭᠡᠵᠦ | ᠰᠠᠨᠠᠭᠤᠯᠵᠠᠶ᠃ | ᠨᠤᠲᠤᠭ ᠳᠡᠪᠢᠰᠬᠡᠷ ᠢᠶᠠᠨ ᠬᠠᠮᠠᠭᠠᠯᠠᠬᠤ ᠶᠢ ᠪᠠᠷᠢᠮᠲᠠᠯᠠᠵᠤ᠂ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠪᠠ᠃ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠱᠠᠯᠠᠪᠳᠠᠭᠤᠯᠤᠨ ᠱᠠᠭᠠᠷᠳᠠᠵᠤ᠂ | ᠤᠳᠤᠷᠢᠳᠬᠤ ᠺᠠᠳ᠋ᠷᠴᠤᠳ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢ ᠬᠤᠪᠢᠷᠠᠭᠤᠯᠬᠤ᠂ ᠭᠠᠵᠢᠭᠤ ᠰᠤᠷᠲᠠᠯ ᠢ ᠵᠠᠰᠠᠬᠤ᠂ ᠰᠢᠨ᠎ᠡ | ᠰᠤᠷᠲᠠᠯ ᠢ ᠪᠣᠶ ᠪᠣᠯᠭᠠᠬᠤ ᠶᠢ ᠳᠠᠶᠢᠴᠢᠯᠠᠬᠤ ᠬᠡᠷᠡᠭᠲᠡᠶ︔ ᠪᠠᠯᠭᠠᠰᠤᠨ ︵ᠬᠡᠷᠡᠭ ᠡᠷᠬᠢᠯᠡᠬᠦ ᠭᠠᠵᠠᠷ︶ ᠤ ᠰᠠᠬᠢᠯᠭ᠎ᠠ | ᠪᠠᠲᠤ ︵ᠠᠵᠢᠯᠴᠢᠨ︶ ᠤ ᠵᠥᠪᠯᠡᠯ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠬᠢᠨᠠᠨ ᠪᠠᠶᠢᠴᠠᠭᠠᠬᠤ | ᠳᠤᠭᠤᠶᠢᠯᠠᠩ ᠤᠨ ︽ᠬᠠᠶᠢᠭᠤᠷ︾ ᠤᠨ ᠦᠢᠯᠡᠳᠦᠯ ᠢ ᠪᠠᠳᠠᠷᠠᠭᠤᠯᠵᠤ᠂ ︽ᠵᠠᠩᠭᠢᠯᠠᠭ᠎ᠠ ᠶᠢᠨ ᠴᠡᠭ︾ ᠪᠣᠯ ᠳᠠᠷᠤᠶ ︽ | ᠰᠢᠯᠭᠠᠯᠲᠠ ᠶᠢᠨ ᠴᠡᠭ︾ ᠪᠣᠯᠬᠤ ᠲᠡᠮᠡᠴᠡᠯ ᠤᠨ ᠤᠬᠠᠮᠰᠠᠷ ᠢ ᠪᠣᠶ ᠪᠣᠯᠭᠠᠵᠤ᠂ ᠨᠢᠭᠡᠳᠦᠭᠡᠷ ᠹᠷᠣᠨᠲ ᠤᠨ ᠬᠢᠨ | ᠬᠢᠨᠠᠯᠲᠠ ᠲᠠᠯᠪᠢᠬᠤ ᠲᠡᠷᠢᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠯᠲᠠ ᠲᠠᠯᠪᠢᠬᠤ ᠠᠷᠭ᠎ᠠ ᠵᠠᠮ ᠢ | ᠴᠢᠨᠠᠭᠰᠢᠳᠠ ᠰᠢᠯᠤᠭᠤᠳᠬᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠴᠠᠭ ᠲᠤᠨᠢ | ᠲᠤᠬᠢᠷᠠᠭᠤᠯᠤᠨ ᠥᠷᠨᠢᠭᠦᠯᠵᠦ᠂ ᠬᠤᠷᠢᠮ ᠪᠡᠯᠪᠡᠰᠦᠷᠡᠯ ᠤᠨ ᠶᠠᠪᠤᠳᠠᠯ ᠢ ᠴᠠᠭ ᠬᠤᠪᠢᠶᠠᠨ ᠭᠦᠢᠴᠡᠳᠬᠡᠵᠦ᠂ ᠶᠧᠪᠡᠩ | ᠵᠡᠷᠭᠡ ᠪᠡᠯᠡᠭ ᠰᠡᠯᠲᠡ ᠬᠦᠯᠢᠶᠡᠨ ᠠᠪᠬᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠠᠰᠠᠭᠤᠳᠠᠯ ᠢ | ᠠᠩᠬᠠᠷᠴᠤ᠂ ᠶᠠᠪᠤᠳᠠᠯ ᠪᠦᠬᠦᠨ ᠳᠤ ᠰᠡᠳᠬᠢᠯ ᠲᠠᠯᠪᠢᠵᠤ᠂ ᠣᠯᠠᠨ ᠲᠦᠮᠡᠨ ᠤ ᠳᠡᠷᠭᠡᠳᠡᠬᠢ ︽ᠳᠥᠷᠪᠡᠨ ᠰᠤᠷᠲᠠᠯ︾ | ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠬᠡᠷᠡᠭᠲᠡᠶ᠃ | ᠨᠡᠶᠢᠲᠡᠯᠢᠭ ᠠᠰᠠᠭᠤᠳᠠᠯ ᠢ ︽ᠴᠢᠩᠭ᠎ᠠ ᠠᠩᠬᠠᠷᠴᠤ︾᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ | ᠵᠠᠯᠬᠠᠭᠠᠨ ᠰᠢᠢᠳᠬᠡᠪᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠬᠢᠨᠠᠯᠲᠠ | ᠲᠠᠯᠪᠢᠵᠤ ᠪᠠᠶᠢᠴᠠᠭᠠᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠬᠤ ᠪᠠ ᠰᠢᠨ᠎ᠡ ᠶᠢ ᠡᠭᠦᠳᠴᠦ᠂ ︽ᠳᠥᠷᠪᠡᠨ ᠰᠤᠷᠲᠠᠯ︾ | ᠤᠨ ᠳᠠᠯᠳᠠ ᠴᠢᠨᠠᠷ ᠰᠢᠨ᠎ᠡ ᠬᠡᠯᠪᠡᠷᠢ᠂ ᠰᠢᠨ᠎ᠡ ᠢᠯᠡᠷᠡᠯ ᠢ ᠴᠢᠩᠭ᠎ᠠ ᠠᠩᠬᠠᠷᠴᠤ᠂ ᠣᠯᠠᠨ ᠲᠦᠮᠡᠨ ᠢ ᠬᠥᠳᠡᠯᠦᠨ | ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠰᠦᠪᠡᠭᠴᠢ ᠬᠠᠩᠭᠠᠵᠤ᠂ ᠰᠠᠬᠢᠯᠭ᠎ᠠ | ᠪᠠᠲᠤ ᠶᠢ ᠵᠥᠷᠢᠴᠡᠬᠦ᠂ ᠪᠠᠶᠢᠴᠠᠭᠠᠯᠲᠠ ᠠᠴᠠ ᠵᠠᠶᠢᠯᠠᠬᠤ᠂ ︽ᠨᠢᠭᠤᠴᠠ︾ ᠳᠤ ᠰᠢᠯᠵᠢᠬᠦ᠂ ᠨᠠᠮ ᠤᠨ ᠭᠡᠰᠢᠭᠦᠨ ᠺᠠᠳ᠋ᠷ | ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠦᠨᠳᠦᠰᠦᠨ ᠱᠠᠲᠤᠨ ᠤ ᠬᠡᠯᠪᠡᠷᠢᠴᠢ ᠦᠵᠡᠯ᠂ | ᠨᠣᠶᠠᠨᠴᠢ ᠰᠤᠷᠲᠠᠯ ᠵᠡᠷᠭᠡ ᠲᠣᠪᠦ᠋ᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠰᠠᠯᠬᠢ ᠰᠥᠷᠦᠨ ᠰᠠᠬᠢᠯᠭ᠎ᠠ | ᠪᠠᠲᠤ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠷᠯᠠᠨ ᠨᠡᠶᠢᠲᠡᠯᠡᠵᠦ᠂ ᠨᠠᠷᠢᠯᠢᠭ ᠤᠨᠤᠪᠴᠢᠲᠠᠢ ᠪᠠᠷ ᠬᠢᠨᠠᠯᠲᠠ ᠲᠠᠯᠪᠢᠵᠤ᠂ ᠨᠠᠷᠢᠯᠢᠭ ᠤᠨᠤᠪᠴᠢᠲᠠᠢ ᠪᠠᠷ ᠰᠠᠬᠢᠯᠭ᠎ᠠ | ᠪᠠᠲᠤ ᠶᠢ ᠬᠡᠷᠡᠭᠵᠢᠭᠦᠯᠦᠨ᠂ ᠨᠠᠷᠢᠯᠢᠭ ᠤᠨᠤᠪᠴᠢᠲᠠᠢ ᠪᠠᠷ ᠬᠠᠷᠢᠭᠤᠴᠠᠯᠭ᠎ᠠ ᠨᠡᠬᠡᠮᠵᠢᠯᠡᠵᠦ᠂ ᠲᠥᠪ ᠴᠢᠬᠡᠴᠢ᠂ | ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠪᠠ᠃ |