9 ᠳ᠋ᠦᠭᠡᠷ ᠰᠠᠷ᠎ᠠ ᠶᠢᠨ 6 ᠤ ᠡᠳᠦᠷ᠂ ᠤᠳᠠ ᠲᠣᠭᠤᠷᠢᠭ ᠪᠥᠬᠦ ᠲᠤᠭᠤᠷᠢᠭ ᠤᠨ ︽ᠰᠤᠷᠲᠠᠯ ᠴᠢᠬᠡᠴᠢ | ᠺᠠᠳ᠋ᠷ︾ ᠢ ᠰᠢᠯᠭᠠᠷᠠᠭᠤᠯᠬᠤ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠴᠧᠨ ᠸᠧᠨ ᠵᠦᠩ ᠬᠤᠷᠠᠯ ᠢ ᠡᠷᠬᠢᠯᠡᠵᠦ᠂ ᠬᠤᠷᠠᠯ ᠤᠨ ᠭᠤᠤᠯ ᠡᠭᠦᠷᠭᠡ ᠪᠣᠯ | ᠪᠦᠬᠦ ᠲᠤᠭᠤᠷᠢᠭ ᠤᠨ ᠬᠡᠪᠴᠢᠶᠡᠨ ᠳᠤ ︽ᠰᠤᠷᠲᠠᠯ ᠴᠢᠭᠡᠴᠢ ᠺᠠᠳ᠋ᠷ︾᠂ ︽ᠰᠤᠷᠲᠠᠯ ᠴᠢᠭᠡᠴᠢ ᠵᠢᠱᠢᠶᠡᠴᠢ︾᠂ ︽ | ᠰᠤᠷᠲᠠᠯ ᠴᠢᠭᠡᠴᠢ ᠪᠠᠶᠢᠭᠤᠯᠤᠯᠭ᠎ᠠ ︵ᠨᠢᠭᠡᠴᠡ︶︾᠂ ︽ᠰᠤᠷᠲᠠᠯ ᠴᠢᠭᠡᠴᠢ ᠨᠡᠶᠢᠭᠡᠮ ᠲᠣᠭᠤᠷᠢᠭ︾᠂ ︽ᠰᠤᠷᠲᠠᠯ | ᠴᠢᠭᠡᠴᠢ ᠴᠣᠩᠬᠤ︾᠂ ︽ᠰᠤᠷᠲᠠᠯ ᠴᠢᠭᠡᠴᠢ ᠠᠵᠢᠯ ᠤᠨ ᠪᠠᠶᠢᠷᠢ︾ ᠶᠢ ᠰᠢᠯᠭᠠᠷᠠᠭᠤᠯᠬᠤ ᠠᠵᠢᠯ ᠢ ᠳᠠᠬᠢᠨ | ᠲᠣᠬᠢᠷᠠᠭᠤᠯᠵᠤ ᠳᠠᠬᠢᠨ ᠪᠠᠶᠢᠷᠢᠯᠠᠭᠤᠯᠬᠤ ᠶᠠᠪᠤᠳᠠᠯ ᠪᠣᠯᠤᠨ᠎ᠠ ᠭᠡᠵᠦ ᠢᠯᠡᠳᠬᠡᠪᠡ᠃ ᠬᠤᠷᠠᠯ ᠳᠡᠭᠡᠷ᠎ᠡ᠂ ︽︿ᠤᠳᠠ | ᠲᠣᠭᠤᠷᠢᠭ ᠤᠨ 2018 ᠤᠨ ︿ᠰᠤᠷᠲᠠᠯ ᠴᠢᠭᠡᠴᠢ ᠺᠠᠳ᠋ᠷ﹀ ᠢ ᠰᠢᠯᠭᠠᠷᠠᠭᠤᠯᠬᠤ ᠠᠵᠢᠯ ᠤᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠨᠥᠬᠦᠪᠥᠷᠢ ᠮᠡᠳᠡᠭᠳᠡᠯ︾ ᠢ ᠤᠩᠰᠢᠨ ᠨᠡᠶᠢᠳᠡᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ᠂ | ᠰᠢᠯᠭᠠᠷᠠᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠦᠬᠦ ᠲᠤᠭᠤᠷᠢᠭ ᠤᠨ ᠰᠠᠶᠢᠨ | ᠰᠠᠶᠢᠬᠠᠨ ᠤᠯᠤᠰ ᠲᠥᠷᠦ ᠶᠢᠨ ᠠᠮᠢ ᠠᠬᠤᠶ ᠶᠢ ᠪᠣᠶ ᠪᠤᠯᠭᠠᠬᠤ ᠬᠡᠷᠡᠭᠲᠡᠶ᠃ ᠬᠤᠶᠠᠷ ᠲᠤ᠂ ᠠᠵᠢᠯ ᠤᠨ ᠡᠭᠦᠷᠭᠡ ᠪᠠᠨ | ᠲᠤᠳᠤᠷᠬᠠᠶᠢᠯᠠᠬᠤ ᠳᠤ᠂ ︽ᠰᠤᠷᠲᠠᠯ ᠴᠢᠬᠡᠴᠢ ᠺᠠᠳ᠋ᠷ︾ ᠢ ᠰᠣᠩᠭᠤᠬᠤ ᠠᠵᠢᠯ ᠤᠨ ᠱᠠᠭᠠᠷᠳᠠᠯᠭ᠎ᠠ ᠶᠢ ᠡᠵᠡᠮᠳᠡᠵᠦ᠂ | ᠳᠡᠰ ᠳᠠᠷᠠᠭᠠᠯᠠᠯ ᠢ ᠴᠢᠩᠳᠠᠯᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠢᠨᠠᠨ ᠬᠠᠷᠭᠤᠭᠤᠯᠵᠤ | ᠪᠣᠭᠤᠮᠲᠠ ᠶᠢ ᠴᠢᠩᠭ᠎ᠠ ᠰᠠᠬᠢᠵᠤ᠂ ᠰᠢᠯᠭᠠᠷᠠᠭᠤᠯᠬᠤ ᠠᠵᠢᠯ ᠢ ᠦᠨᠡᠨᠬᠦ ᠰᠠᠶᠢᠲᠤᠷ ᠥᠷᠨᠢᠭᠦᠯᠵᠦ᠂ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠤᠯᠤᠰ | ᠲᠥᠷᠦ ᠶᠢᠨ ᠠᠮᠢ ᠠᠬᠤᠶ ᠶᠢ ᠴᠡᠪᠡᠷᠰᠢᠭᠦᠯᠬᠦ ᠪᠠ ︽ᠠᠷᠢᠭᠤᠨ ᠴᠢᠬᠡᠴᠢ ᠺᠠᠳ᠋ᠷ︾ ᠢ ᠰᠣᠩᠭᠤᠨ ᠬᠥᠮᠦᠵᠢᠭᠦᠯᠬᠦ | ᠤᠯᠤᠰ ᠲᠥᠷᠦ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠠᠬᠢᠵᠢᠭᠦᠯᠵᠦ᠂ ︽ᠠᠷᠢᠭᠤᠨ ᠴᠢᠬᠡᠴᠢ ᠺᠠᠳ᠋ᠷ︾ ᠢ | ᠰᠢᠯᠭᠠᠷᠠᠭᠤᠯᠬᠤ ᠠᠵᠢᠯ ᠢ ᠪᠣᠳᠠᠲᠠᠶ ᠳᠤ ᠨᠡᠶᠢᠳᠡᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠶ᠃ |